ᠲᠦᠷᠦᠭᠦᠦ 7 ᠰᠠᠷ᠎ᠠ ᠳᠤ ᠪᠦᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 907 ᠲᠥᠷᠥᠯ ᠵᠦᠢᠯ ᠢ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2016/8/23
     ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠤᠨ ᠬᠠᠮᠤᠭ ᠤᠨ ᠰᠢᠨ᠎ᠡ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠄ 1-7 ᠳ᠋ᠤᠭᠠᠷ ᠰᠠᠷ᠎ᠠ ᠳᠤ᠂ ᠪᠦᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 907 ᠲᠥᠷᠥᠯ ᠵᠦᠢᠯ ᠢ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 82 ᠵᠦᠢᠯ ᠪᠠᠭᠠᠰᠴᠤ᠂ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 2269.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.53 ᠳ᠋ᠦᠩᠰᠢᠭᠤᠷ ᠲᠥᠭᠦᠷᠢᠭ ᠬᠠᠰᠤᠭᠳᠠᠨ᠂ ᠪᠥᠬᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ 63.90%᠎ ᠶᠢ ᠡᠵᠡᠯᠡᠪᠡ᠃      ᠣᠶᠢᠯᠠᠭᠠᠭᠰᠠᠨ ᠢᠶᠠᠷ᠂ ᠪᠠᠷᠠᠭᠤᠨ ᠬᠡᠰᠡᠭ ᠤᠨ ᠠᠶᠢᠮᠠᠭ ᠬᠤᠲᠠ ᠳ᠋ᠦᠩᠰᠢᠭᠤᠷ ᠲᠥᠭᠦᠷᠢᠭ ᠠᠴᠠ  ᠳᠡᠭᠡᠭᠰᠢᠬᠢ 638 ᠲᠥᠷᠥᠯ ᠵᠦᠢᠯ ᠢ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠵᠦ᠂ ᠪᠥᠬᠦ ᠣᠷᠣᠨ ᠤ 70.34%᠎ ᠶᠢ ᠡᠵᠡᠯᠡᠨ᠂ 1648.66 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠬᠦ ᠣᠷᠣᠨ ᠤ 72.66%᠎ ᠶᠢ ᠡᠵᠡᠯᠡᠪᠡ︔ ᠵᠡᠭᠦᠨ ᠬᠡᠰᠡᠭ ᠤᠨ ᠠᠶᠢᠮᠠᠭ ᠬᠤᠳᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 269 ᠲᠥᠷᠥᠯ ᠵᠦᠢᠯ ᠢ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠵᠦ᠂ ᠪᠥᠬᠦ ᠣᠷᠣᠨ ᠤ 29.66%᠎ ᠶᠢ ᠡᠵᠡᠯᠡᠨ᠂ 620.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠬᠦ ᠣᠷᠣᠨ ᠤ 27.34%᠎ ᠶᠢ ᠡᠵᠡᠯᠡᠪᠡ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠤᠲᠤᠷ᠎ᠠ᠂ ᠪᠠᠷᠠᠭᠤᠨ ᠬᠡᠰᠡᠭ ᠤᠨ ᠳᠣᠯᠣᠭᠠᠨ ᠠᠶᠢᠮᠠᠭ ᠬᠤᠲᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 310᠎ ᠶᠢ ᠰᠢᠨ᠎ᠡ ᠪᠠᠷ ᠠᠵᠢᠯ ᠢᠶᠠᠨ ᠡᠬᠢᠯᠡᠭᠦᠯᠵᠦ᠂ ᠪᠥᠬᠦ ᠣᠷᠣᠨ ᠤ 73.29%᠎ ᠶᠢ ᠡᠵᠡᠯᠡᠨ᠂ ᠠᠵᠢᠯ ᠡᠬᠢᠯᠡᠭᠦᠯᠦᠭᠰᠡᠨ ᠨᠣᠷᠮ᠎ᠠ ᠨᠢ 95.09%᠎ ᠳᠤ ᠬᠦᠷᠪᠡ︔ ᠵᠡᠭᠦᠨ ᠬᠡᠰᠡᠭ ᠤᠨ ᠲᠠᠪᠤᠨ ᠠᠶᠢᠮᠠᠭ ᠬᠤᠳᠠ ᠶᠢᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 113᠎ ᠶᠢ ᠰᠢᠨ᠎ᠡ ᠪᠠᠷ ᠠᠵᠢᠯ ᠢᠶᠠᠨ ᠡᠬᠢᠯᠡᠭᠦᠯᠵᠦ᠂ ᠪᠥᠬᠦ ᠣᠷᠣᠨ ᠎ ᠤ 26.71%᠎ ᠶᠢ ᠡᠵᠡᠯᠡᠨ᠂ ᠠᠵᠢᠯ ᠡᠬᠢᠯᠡᠭᠦᠯᠦᠭᠰᠡᠨ ᠨᠣᠷᠮ᠎ᠠ ᠨᠢ 80.14%᠎ ᠳᠤ ᠬᠦᠷᠪᠡ᠃  ᠥᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠲᠤᠲᠤᠷ᠎ᠠ᠂ ᠠᠵᠢᠯ ᠢᠶᠠᠨ ᠰᠡᠷᠭᠦᠭᠡᠭᠰᠡᠨ ᠲᠥᠷᠥᠯ ᠵᠦᠢᠯ ᠤᠨ ᠲᠤᠭ᠎ᠠ ᠪᠠᠷ ᠲᠦᠷᠦᠭᠦᠦ ᠲᠠᠪᠤ ᠳᠤ ᠪᠠᠶᠢᠭ᠎ᠠ ᠨᠢ ᠲᠤᠰ ᠲᠤᠰ᠄ ᠪᠤᠭᠤᠲᠤ ᠬᠤᠲᠠ ᠶᠢᠨ 139 ᠲᠥᠷᠥᠯ ᠵᠦᠢᠯ᠂ ᠤᠯᠠᠭᠠᠨᠬᠠᠳᠠ ᠬᠤᠳᠠ ᠶᠢᠨ 57 ᠲᠥᠷᠥᠯ ᠵᠦᠢᠯ᠂ ᠤᠷᠳᠤᠰ ᠬᠤᠳᠠ ᠶᠢᠨ 53 ᠲᠥᠷᠥᠯ ᠵᠦᠢᠯ᠂ ᠲᠦᠩᠯᠢᠶᠣᠤ ᠬᠤᠲᠠ ᠶᠢᠨ 53 ᠲᠥᠷᠥᠯ ᠵᠦᠢᠯ᠂ ᠤᠯᠠᠭᠠᠨᠴᠠᠪ ᠬᠤᠲᠠ ᠶᠢᠨ 43 ᠲᠥᠷᠥᠯ ᠵᠦᠢᠯ ᠪᠣᠯᠣᠨ᠎ᠠ᠂ ᠲᠠᠪᠤᠨ ᠭᠠᠵᠠᠷ ᠤᠨ ᠠᠵᠢᠯ ᠢᠶᠠᠨ ᠰᠡᠷᠭᠦᠭᠡᠭᠰᠡᠨ ᠲᠥᠷᠥᠯ ᠵᠦᠢᠯ ᠤᠨ ᠲᠤᠭ᠎ᠠ ᠨᠢ ᠪᠦᠬᠦ ᠣᠷᠣᠨ ᠤ 71.28%᠎ ᠶᠢ ᠡᠵᠡᠯᠡᠪᠡ᠃ ᠠᠵᠢᠯ ᠲᠥᠷᠥᠯ ᠢ ᠬᠤᠪᠢᠶᠠᠵᠤ ᠦᠵᠡᠪᠡᠯ᠂ ᠵᠢᠷᠭᠤᠭᠠᠨ ᠶᠡᠭᠡ ᠳᠠᠪᠠᠭᠤᠯᠢᠭ  ᠣᠨᠴᠠᠯᠢᠭᠲᠤ ᠠᠵᠢᠯ ᠲᠥᠷᠥᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 800᠎ ᠶᠢ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠵᠦ᠂ ᠪᠥᠬᠦ ᠣᠷᠣᠨ ᠤ 88.20%᠎ ᠶᠢ ᠡᠵᠡᠯᠡᠪᠡ᠃ ᠡᠨᠧᠷᠭᠢ ᠶᠢᠨ ᠠᠵᠢᠯ ᠲᠥᠷᠥᠯ ᠤᠨ ᠳ᠋ᠦᠩᠰᠢᠭᠤᠷ ᠲᠦᠬᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 266᠎ ᠶᠢ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠵᠦ᠂ ᠪᠦᠬᠦ ᠣᠷᠣᠨ ᠤ 29.33%᠎ ᠶᠢ ᠡᠵᠡᠯᠡᠪᠡ᠃ 754.78 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠦᠬᠦ ᠣᠷᠣᠨ ᠤ 33.26%᠎ ᠶᠢ ᠡᠵᠡᠯᠡᠨ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ ᠵᠦᠢᠯ ᠤᠨ ᠲᠤᠭ᠎ᠠ᠂ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠪᠦᠷ ᠲᠡᠷᠢᠭᠦᠨ ᠳᠤ ᠤᠷᠤᠭᠰᠠᠨ ᠪᠠᠶᠢᠨ᠎ᠠ᠃ ᠨᠡᠯᠢᠶᠡᠳ ᠰᠠᠶᠢᠨ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠭᠰᠡᠨ ᠲᠥᠷᠥᠯ ᠵᠦᠢᠯ ᠢᠶᠠᠷ ᠨᠡᠯᠢᠶᠡᠳ ᠰᠠᠶᠢᠨ ᠠᠵᠢᠯ ᠲᠦᠷᠤᠯ ᠭᠡᠪᠡᠯ᠄ ᠲᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 130᠎ ᠶᠢ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠵᠦ᠂ ᠮᠧᠬᠠᠨᠢᠭ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ 121᠎ ᠶᠢ ᠰᠢᠨ᠎ᠡ ᠪᠠᠷ ᠡᠬᠢᠯᠡᠭᠦᠯᠦᠭᠰᠡᠨ ᠪᠠ ᠠᠵᠢᠯ ᠢᠶᠠᠨ ᠰᠡᠷᠭᠦᠭᠡᠭᠰᠡᠨ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号