8 ᠳ᠋ᠤᠭᠠᠷ ᠰᠠᠷ᠎ᠠ ᠶᠢᠨ 21 ᠤ ᠡᠳᠦᠷ᠂ ᠮᠠᠨ ᠤ ᠣᠷᠣᠨ ᠤ ᠶᠡᠬᠡᠩᠬᠢ ᠬᠡᠰᠡᠭ ᠲᠤ ᠰᠢᠨ᠎ᠡ ᠨᠢᠭᠡᠨ | ᠡᠭᠡᠯᠵᠢ ᠶᠢᠨ ᠪᠣᠷᠣᠭᠠᠨ ᠣᠷᠣᠵᠤ᠂ ᠤᠯᠠᠨ ᠭᠠᠵᠠᠷ ᠲᠤ ᠰᠢᠷᠦᠭᠦᠨ ᠪᠣᠷᠣᠭᠠᠨ ᠣᠷᠣᠵᠤ᠂ ᠡᠮᠦᠨᠡᠬᠢ ᠭᠠᠮᠰᠢᠭᠳᠠᠭᠰᠠᠨ | ᠭᠠᠵᠠᠷ ᠣᠷᠣᠨ ᠳᠠᠬᠢᠨ ᠭᠠᠮᠰᠢᠭᠳᠠᠵᠠᠶ᠃ ᠪᠦᠷᠢᠳᠬᠡᠯ ᠢ ᠦᠨᠳᠦᠰᠦᠯᠡᠪᠡᠯ᠂ 8 ᠳ᠋ᠤᠭᠠᠷ ᠰᠠᠷ᠎ᠠ ᠶᠢᠨ ᠳᠤᠮᠳᠠᠴᠢ ᠪᠠᠷ᠂ | ᠪᠦᠬᠦ ᠣᠷᠣᠨ ᠤ 16 ᠬᠤᠰᠢᠭᠤ ᠰᠢᠶᠠᠨ ᠰᠢᠷᠦᠭᠦᠨ ᠪᠣᠷᠣᠭᠠᠨ ᠦᠶᠡᠷ ᠤᠰᠤᠲᠤᠯ ᠮᠥᠨᠳᠥᠷ ᠤᠨ ᠭᠠᠮᠰᠢᠭ ᠲᠤ | ᠳᠠᠭᠠᠷᠢᠭᠳᠠᠵᠤ᠂ 10.84 ᠲᠦᠮᠡᠨ ᠬᠥᠮᠦᠨ ᠭᠠᠮᠰᠢᠭᠳᠠᠵᠤ᠂ ᠠᠵᠤ ᠠᠬᠤᠶ ᠶᠢᠨ ᠰᠢᠭᠤᠳ ᠬᠤᠬᠢᠷᠠᠯ 29667. | 5 ᠲᠦᠮᠡᠨ ᠲᠥᠭᠦᠷᠢᠭ ᠲᠤ ᠬᠦᠷᠪᠡ᠃ | ᠦᠶᠡᠷ ᠤᠨ ᠬᠤᠭᠤᠴᠠᠭᠠᠨ ᠳᠤ ᠤᠷᠤᠭᠰᠠᠨ ᠠᠴᠠ ᠨᠠᠰᠢ᠂ ᠪᠥᠬᠦ ᠣᠷᠣᠨ ᠤ ᠳᠤᠮᠳᠠᠴᠢ ᠲᠤᠨᠳᠠᠰᠤᠨ ᠤ | ᠬᠡᠮᠵᠢᠶ᠎ᠡ 196.2 ᠮᠢᠯᠢᠯᠢᠲᠷ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ | 34.2 ᠮᠢᠯᠢᠯᠢᠲᠷ ᠢᠯᠡᠭᠦᠦ ᠪᠣᠯᠪᠠ᠃ 8 ᠳ᠋ᠤᠭᠠᠷ ᠰᠠᠷ᠎ᠠ ᠶᠢᠨ 10 ᠤ ᠡᠳᠦᠷ ᠠᠴᠠ 18 ᠤ ᠡᠳᠦᠷ ᠪᠣᠯᠲᠠᠯ᠎ᠠ᠂ | ᠳᠤᠮᠳᠠ ᠪᠠᠷᠠᠭᠤᠨ ᠪᠡᠶ᠎ᠡ ᠶᠢᠨ ᠡᠮᠦᠨᠡᠭᠦᠷ ᠭᠠᠵᠠᠷ ᠣᠷᠣᠨ ᠤ ᠲᠤᠨᠳᠠᠰᠤᠨ ᠤ ᠬᠡᠮᠵᠢᠶ᠎ᠡ 71.8 ᠮᠢᠯᠢᠯᠢᠲᠷ ᠲᠤ | ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 66.5 ᠮᠢᠯᠢᠯᠢᠲᠷ ᠢᠯᠡᠭᠦᠦ ᠪᠣᠯᠪᠠ᠃ | ᠨᠡᠶᠢᠲᠡ ᠲᠤᠨᠳᠠᠰᠤᠨ ᠤ ᠬᠡᠮᠵᠢᠶ᠎ᠡ 1961 ᠣᠨ ᠠᠴᠠ ᠨᠠᠰᠢᠬᠢ ᠠᠳᠠᠯᠢ ᠬᠤᠭᠤᠴᠠᠭᠠᠨ ᠤ ᠬᠢ ᠠᠴᠠ ᠬᠠᠮᠤᠭ ᠤᠨ | ᠥᠨᠳᠥᠷ ᠲᠤ ᠬᠦᠷᠪᠡ᠃ ᠲᠤᠰ ᠤᠳᠠᠭᠠᠨ ᠤ ᠪᠣᠷᠣᠭᠠᠨ ᠪᠠ ᠡᠮᠦᠨᠡᠬᠢ ᠬᠤᠭᠤᠴᠠᠭᠠᠨ ᠤ ᠦᠶᠡᠷ ᠤᠰᠤᠲᠤᠯ ᠤᠨ | ᠭᠠᠮᠰᠢᠭ ᠲᠤ ᠠᠪᠲᠠᠭᠳᠠᠭᠰᠠᠨ ᠠᠴᠠ ᠤᠯᠠᠨ ᠭᠠᠵᠠᠷ ᠳᠠᠬᠢᠨᠲᠠ ᠭᠠᠮᠰᠢᠭᠳᠠᠵᠠᠶ᠃ | ᠵᠢᠱᠢᠯᠲᠡ ᠪᠠᠷ 8 ᠳ᠋ᠤᠭᠠᠷ ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠮᠠᠨ ᠤ ᠣᠷᠣᠨ ᠤ | ᠪᠠᠷᠠᠭᠤᠨ ᠪᠡᠶ᠎ᠡ ᠶᠢᠨ ᠵᠡᠭᠦᠨ ᠪᠠ ᠳᠤᠮᠳᠠ ᠬᠡᠰᠡᠭ ᠢᠶᠠᠷ ᠳᠤᠮᠳᠠ ᠵᠡᠷᠭᠡ ᠶᠢᠨ ᠪᠣᠷᠣᠭᠠᠨ ᠣᠷᠣᠵᠤ᠂ ᠲᠤᠨᠳᠠᠰᠤᠨ ᠤ | ᠬᠡᠮᠵᠢᠶ᠎ᠡ 10.0 ᠠᠴᠠ 24.9 ᠮᠢᠯᠢᠯᠢᠲᠷ ᠲᠤ ᠬᠦᠷᠪᠡ᠃ ᠡᠭᠦᠨ ᠳᠤ᠂ ᠪᠠᠶᠠᠨᠨᠠᠭᠤᠷ ᠬᠤᠳᠠ ᠶᠢᠨ ᠵᠡᠭᠦᠨ ᠬᠡᠰᠡᠭ ᠂ | ᠤᠷᠳᠤᠰ ᠬᠤᠳᠠ ᠶᠢᠨ ᠳᠤᠮᠳᠠ ᠪᠠ ᠵᠡᠭᠦᠨ ᠬᠡᠰᠡᠭ᠂ ᠪᠤᠭᠤᠲᠤ ᠬᠤᠳᠠ᠂ ᠬᠥᠬᠡᠬᠤᠲᠠ᠂ ᠤᠯᠠᠭᠠᠨᠴᠠᠪ ᠬᠤᠳᠠ ᠶᠢᠨ | ᠳᠤᠮᠳᠠ ᠪᠠ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ ᠤᠨ ᠲᠤᠨᠳᠠᠰᠤᠨ ᠤ | ᠬᠡᠮᠵᠢᠶ᠎ᠡ 25.0 ᠠᠴᠠ 49.9 ᠮᠢᠯᠢᠯᠢᠲᠷ ᠲᠤ ᠬᠦᠷᠴᠦ᠂ ᠶᠡᠭᠡ ᠪᠣᠷᠣᠭᠠᠨ ᠤ ᠳᠡᠰ ᠲᠤ ᠬᠦᠷᠪᠡ︔ ᠪᠠᠶᠠᠨᠨᠠᠭᠤᠷ | ᠬᠤᠳᠠ ᠶᠢᠨ ᠡᠮᠦᠨ᠎ᠡ ᠬᠡᠰᠡᠭ᠂ ᠣᠷᠳᠣᠰ ᠬᠤᠲᠠ ᠶᠢᠨ ᠬᠤᠶᠢᠲᠤ ᠬᠡᠰᠡᠭ ᠂ ᠪᠤᠭᠤᠲᠤ ᠬᠤᠳᠠ ᠶᠢᠨ ᠡᠮᠦᠨ᠎ᠡ ᠬᠡᠰᠡᠭ᠂ | ᠬᠥᠬᠡᠬᠤᠲᠠ ᠳᠤ ᠠᠮᠠᠷᠬᠠᠨ ᠲᠤᠷ ᠴᠠᠭ ᠠᠭᠠᠳᠠᠷ ᠪᠣᠷᠣᠭᠠᠨ ᠴᠢᠳᠬᠤᠯᠠᠨ᠎ᠠ᠃ ᠳᠡᠭᠡᠷ᠎ᠡ ᠳᠤᠷᠠᠳᠤᠭᠰᠠᠨ ᠭᠠᠵᠠᠷ | ᠣᠷᠣᠨ ᠤ ᠭᠠᠵᠠᠷ ᠰᠢᠨᠵᠢᠯᠡᠭᠡᠨ ᠤ ᠣᠷᠴᠢᠨ ᠨᠥᠬᠦᠴᠡᠯ ᠬᠡᠪᠡᠷᠡᠭ ᠮᠥᠷᠲᠡᠭᠡᠨ ᠡᠮᠦᠨᠡᠬᠢ ᠬᠤᠭᠤᠴᠠᠭᠠᠨ ᠤ ᠰᠢᠷᠦᠭᠦᠨ | ᠪᠣᠷᠣᠭᠠᠨ ᠤ ᠨᠥᠯᠥᠭᠡ ᠪᠠᠷ᠂ ᠬᠡᠰᠡᠭ ᠭᠠᠵᠠᠷ ᠢᠶᠠᠷ ᠦᠶᠡᠷ ᠤᠰᠤᠲᠤᠯ᠂ ᠠᠭᠤᠯᠠᠨ ᠦᠶᠡᠷ᠂ ᠶᠡᠭᠦᠷᠡᠯᠲᠡ᠂ ᠰᠢᠪᠠᠷ | ᠴᠢᠯᠠᠭᠤᠨ ᠤ ᠤᠷᠤᠰᠬᠠᠯ᠂ ᠨᠤᠷᠠᠯᠲᠠ ᠵᠡᠷᠭᠡ ᠭᠠᠶ ᠭᠠᠮᠰᠢᠭ ᠡᠭᠦᠰᠴᠦ ᠮᠡᠳᠡᠨ᠎ᠡ᠃ |