ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠲᠤᠭ᠎ᠠ ᠪᠠᠷᠢᠮᠲᠠ ᠠᠴᠠ ᠦᠵᠡᠪᠡᠯ᠂ 1 — 7 ᠳ᠋ᠤᠭᠠᠷ | ᠰᠠᠷ᠎ᠠ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ | 3567.6 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.5 % ᠪᠠᠷ | ᠨᠡᠮᠡᠭᠳᠡᠵᠦ᠂ ᠵᠢᠯ ᠤᠨ ᠡᠬᠢᠨ ᠤ ᠵᠢᠱᠢᠭᠰᠡᠨ ᠬᠠᠷᠠᠯᠲᠠ ᠠᠴᠠ 0.5 ᠵᠠᠭᠤᠨ ᠤ ᠴᠡᠭ ᠥᠨᠳᠥᠷ ᠪᠣᠯᠵᠤ᠂ ᠲᠣᠭᠲᠠᠭᠤᠨ | ᠨᠡᠮᠡᠭᠳᠡᠯ ᠢ ᠪᠠᠲᠤᠯᠠᠪᠠ᠃ | ᠪᠦᠬᠦ ᠣᠷᠣᠨ ᠤ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠭᠤᠣᠯᠳᠠᠭᠤ ᠳᠣᠣᠷᠠᠬᠢ | ᠣᠨᠴᠠᠯᠢᠭ ᠢᠯᠡᠷᠡᠪᠡ᠄ ᠨᠢᠭᠡ᠂ ᠬᠤᠲᠠ ᠪᠠᠯᠭᠠᠰᠤᠨ ᠤ ᠬᠡᠷᠡᠭᠯᠡᠭᠡ ᠭᠤᠣᠯᠯᠠᠬᠤ ᠪᠠᠶᠢᠷᠢ ᠶᠢ ᠪᠠᠲᠤᠯᠠᠵᠤ᠂ ᠬᠥᠳᠡᠭᠡ | ᠲᠣᠰᠬᠤᠨ ᠤ ᠬᠡᠷᠡᠭᠯᠡᠭᠡ ᠲᠦᠷᠭᠡᠨ ᠨᠡᠮᠡᠭᠳᠡᠪᠡ᠃ 1 — 7 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠬᠡᠷᠡᠭᠯᠡᠭᠡ | 3225.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 9.3 % ᠪᠠᠷ ᠨᠡᠮᠡᠭᠳᠡᠵᠡᠢ᠃ | ᠬᠥᠳᠡᠭᠡ ᠲᠣᠰᠬᠤᠨ ᠤ ᠬᠡᠷᠡᠭᠯᠡᠭᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.4 % ᠪᠠᠷ ᠨᠡᠮᠡᠭᠳᠡᠪᠡ᠃ | ᠬᠤᠶᠠᠷ᠂ ᠲᠠᠸᠠᠷ ᠤᠨ ᠵᠢᠵᠢᠭᠯᠡᠨ ᠬᠤᠳᠠᠯᠳᠤᠭ᠎ᠠ ᠦᠷᠭᠦᠯᠵᠢᠯᠡᠨ ᠲᠦᠷᠭᠡᠨ ᠢᠶᠠᠷ ᠨᠡᠮᠡᠭᠳᠡᠪᠡ᠃ 1 — 7 ᠳ᠋ᠤᠭᠠᠷ | ᠰᠠᠷ᠎ᠠ ᠳᠤ᠂ ᠪᠦᠬᠦ ᠣᠷᠣᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 3020.3 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.3 % ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.6 ᠵᠠᠭᠤᠨ ᠤ ᠴᠡᠭ ᠥᠨᠳᠥᠷ ᠪᠣᠯᠪᠠ᠃ | ᠭᠤᠷᠪᠠ᠂ ᠢᠳᠡᠭᠡᠨ ᠤ ᠵᠦᠢᠯ ᠤᠨ ᠬᠡᠷᠡᠭᠯᠡᠭᠡ ᠶᠡᠭᠡ ᠪᠠᠷ ᠨᠡᠮᠡᠭᠳᠡᠪᠡ᠃ 1 — 7 ᠳ᠋ᠤᠭᠠᠷ ᠰᠠᠷ᠎ᠠ ᠳᠤ᠂ | ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠠᠮᠤ ᠪᠤᠳᠠᠭ᠎ᠠ ᠲᠤᠰᠤ᠂ ᠢᠳᠡᠭᠡᠨ᠂ ᠠᠷᠢᠬᠢ ᠲᠠᠮᠠᠬᠢ ᠶᠢᠨ ᠲᠦᠷᠦᠯ ᠤᠨ | ᠲᠠᠸᠠᠷ ᠤᠨ ᠪᠣᠷᠣᠯᠠᠭᠤᠯᠤᠯᠲᠠ 163.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 19.2 % ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 10.1 ᠵᠠᠭᠤᠨ ᠤ ᠴᠡᠭ ᠥᠨᠳᠥᠷ ᠪᠣᠯᠪᠠ᠃ ᠲᠦᠷᠪᠡ᠂ ᠠᠯᠲᠠ ᠮᠥᠩᠭᠦ ᠰᠤᠪᠤᠳ | ᠡᠷᠳᠡᠨᠢ ᠶᠢᠨ ᠲᠦᠷᠦᠯ ᠤᠨ ᠬᠡᠷᠡᠭᠯᠡᠭᠡ ᠪᠠ ᠮᠠᠰᠢᠨ ᠲᠡᠷᠭᠡᠨ ᠤ ᠳᠦᠷᠦᠯ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ᠃ | 1 — 7 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠠᠯᠲᠠ ᠮᠥᠩᠭᠦ ᠰᠤᠪᠤᠳ ᠡᠷᠳᠡᠨᠢ | ᠶᠢᠨ ᠲᠦᠷᠦᠯ ᠤᠨ ᠲᠠᠸᠠᠷ ᠤᠨ ᠪᠣᠷᠣᠯᠠᠭᠤᠯᠤᠯᠲᠠ 19.9 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 11.9 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ | ᠠᠳᠠᠯᠢ ᠬᠤᠭᠤᠴᠠᠭᠠᠨ ᠤ ᠬᠢ ᠠᠴᠠ 9.7 ᠵᠠᠭᠤᠨ ᠤ ᠴᠡᠭ ᠥᠨᠳᠥᠷ ᠪᠣᠯᠪᠠ᠃ ᠬᠢᠵᠠᠭᠠᠷᠯᠠᠭᠰᠠᠨ ᠲᠣᠭᠠᠨ ᠠᠴᠠ | ᠳᠡᠭᠡᠭᠰᠢᠬᠢ ᠮᠠᠰᠢᠨ ᠲᠡᠷᠭᠡᠨ ᠤ ᠳᠦᠷᠦᠯ ᠤᠨ ᠲᠠᠸᠠᠷ ᠤᠨ ᠪᠣᠷᠣᠯᠠᠭᠤᠯᠤᠯᠲᠠ 274.4 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 11.4 % ᠪᠠᠷ ᠨᠡᠮᠡᠭᠳᠡᠪᠡ᠃ ᠲᠠᠪᠤ᠂ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠦᠷᠦᠯ ᠤᠨ ᠬᠡᠷᠡᠭᠯᠡᠭᠡ ᠦᠷᠭᠦᠯᠵᠢᠯᠡᠨ ᠪᠠᠭᠤᠷᠠᠪᠠ᠃ 1 — 7 ᠳ᠋ᠤᠭᠠᠷ ᠰᠠᠷ᠎ᠠ ᠳᠤ᠂ | ᠬᠢᠵᠠᠭᠠᠷᠯᠠᠭᠰᠠᠨ ᠲᠣᠭᠠᠨ ᠠᠴᠠ ᠳᠡᠭᠡᠭᠰᠢᠬᠢ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠦᠷᠦᠯ ᠤᠨ ᠲᠠᠸᠠᠷ ᠤᠨ | ᠪᠣᠷᠣᠯᠠᠭᠤᠯᠤᠯᠲᠠ 286.5 ᠳ᠋ᠦᠩᠰᠢᠭᠤᠷ ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 7.3 % ᠪᠠᠷ | ᠪᠠᠭᠤᠷᠠᠪᠠ᠃ |