2016 ᠣᠨ ᠳᠤ ᠥᠪᠥᠷ ᠮᠣᠩᠭᠤᠯ ᠨᠡᠶᠢᠲᠡ 57.9 ᠳ᠋ᠥᠡᠭᠰᠢᠭᠤᠷ ᠲᠥᠭᠦᠷᠢᠭ ᠤᠨ ᠶᠠᠳᠠᠭᠤ ᠶᠢ ᠳᠡᠳᠬᠦᠬᠦ | ᠪᠡᠯᠡ ᠮᠥᠡᠭᠭᠦ ᠲᠣᠬᠢᠷᠠᠭᠤᠯᠵᠤ᠂ ᠳᠡᠭᠡᠷ᠎ᠡ ᠵᠢᠯ ᠤᠨ ᠬᠢ ᠠᠴᠠ 21% ᠪᠠᠷ ᠨᠡᠮᠡᠭᠳᠡᠪᠡ᠂ ᠡᠭᠦᠨ ᠳᠤ᠂ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ 18.7 ᠳ᠋ᠥᠡᠭᠰᠢᠭᠤᠷ ᠲᠥᠭᠦᠷᠢᠭ ᠤᠨ ᠶᠠᠳᠠᠭᠤ ᠶᠢ ᠳᠡᠳᠬᠦᠬᠦ | ᠪᠡᠯᠡ ᠮᠥᠡᠭᠭᠦ ᠲᠣᠬᠢᠷᠠᠭᠤᠯᠤᠨ ᠲᠦᠢᠯ ᠤᠨ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠲᠦᠢᠯ ᠤᠨ | ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠳᠤ ᠬᠡᠷᠡᠭᠯᠡᠬᠦ ᠪᠣᠯᠣᠨ᠎ᠠ︔ ᠴᠢᠷᠮᠠᠶᠢᠵᠤ ᠪᠠᠶᠢᠭᠠᠳ᠂ ᠡᠨᠡ ᠵᠢᠯ | ᠡᠳ᠋ ᠤᠨ ᠵᠠᠰᠠᠭ ᠤᠨ ᠶᠠᠮᠤᠨ ᠠᠴᠠ 19.84 ᠳ᠋ᠥᠡᠭᠰᠢᠭᠤᠷ ᠲᠥᠭᠦᠷᠢᠭ ᠤᠨ ᠶᠠᠳᠠᠭᠤ ᠶᠢ ᠳᠡᠳᠬᠦᠬᠦ ᠪᠡᠯᠡ ᠮᠥᠡᠭᠭᠦ | ᠣᠯᠵᠣ᠂ ᠳᠡᠭᠡᠷ᠎ᠡ ᠵᠢᠯ ᠤᠨ ᠬᠢ ᠠᠴᠠ 4.59 ᠳ᠋ᠥᠡᠭᠰᠢᠭᠤᠷ ᠲᠥᠭᠦᠷᠢᠭ ᠨᠡᠮᠡᠭᠳᠡᠵᠦ᠂ ᠥᠡᠭᠭᠡᠷᠡᠭᠰᠡᠨ ᠵᠢᠯ ᠤᠳ ᠠᠴᠠ | ᠬᠠᠮᠤᠭ ᠤᠨ ᠣᠯᠠᠨ ᠪᠣᠯᠪᠠ︔ ᠠᠶᠢᠮᠠᠭ ᠬᠤᠲᠠ ᠬᠤᠰᠢᠭᠤ ᠰᠢᠶᠠᠨ ᠢ ᠰᠢᠮᠳᠠᠭᠤᠯᠤᠨ ᠶᠠᠳᠠᠭᠤ ᠶᠢ ᠳᠡᠳᠬᠦᠬᠦ | ᠣᠷᠣᠭᠤᠯᠣᠯᠲᠠ ᠶᠢ ᠲᠣᠭᠲᠠᠭᠤᠨ ᠢᠶᠠᠷ ᠨᠡᠮᠡᠭᠳᠡᠭᠦᠯᠵᠦ᠂ 2016 ᠣᠨ ᠳᠤ ᠠᠶᠢᠮᠠᠭ ᠬᠤᠲᠠ ᠬᠤᠰᠢᠭᠤ ᠰᠢᠶᠠᠨ ᠤ | ᠡᠳ᠋ ᠤᠨ ᠵᠠᠰᠠᠭ 19.4 ᠳ᠋ᠥᠡᠭᠰᠢᠭᠤᠷ ᠲᠥᠭᠦᠷᠢᠭ ᠤᠨ ᠶᠠᠳᠠᠭᠤ ᠶᠢ ᠳᠡᠳᠬᠦᠬᠦ ᠪᠡᠯᠡ ᠮᠥᠡᠭᠭᠦ ᠲᠣᠬᠢᠷᠠᠭᠤᠯᠪᠠ᠃ | 2016 ᠣᠨ ᠪᠣᠯ ︽13·5︾ ᠶᠢᠨ ᠲᠥᠯᠥᠪᠵᠢᠭᠦᠯᠭᠡ ᠶᠢᠨ ᠶᠠᠳᠠᠭᠤ ᠠᠴᠠ ᠠᠩᠭᠢᠵᠢᠷᠠᠭᠤᠯᠬᠤ | ᠰᠢᠪᠲᠦᠯᠦᠯᠲᠡ ᠶᠢᠨ ᠠᠩᠬᠠᠳᠤᠭᠠᠷ ᠵᠢᠯ ᠮᠦᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠥᠪ ᠤᠨ ᠪᠠ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠳᠡᠳᠬᠦᠬᠦ ᠨᠡᠬᠡᠬᠡᠯᠲᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠥᠨᠥ ᠪᠣᠯᠬᠤ ᠳᠤ ᠨᠢᠭᠡᠨᠲᠡ 22.5 ᠳ᠋ᠥᠡᠭᠰᠢᠭᠤᠷ ᠲᠥᠭᠦᠷᠢ᠊ ᠭ᠌ ᠤᠨ ᠶᠠᠳᠠᠭᠤ ᠶᠢ | ᠳᠡᠳᠬᠦᠬᠦ ᠪᠡᠯᠡ ᠮᠥᠡᠭᠭᠦ ᠶᠢ ᠪᠣᠲᠠᠲᠠᠶᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠱᠠᠭᠠᠷᠳᠠᠭᠰᠠᠨ ᠨᠢ᠂ ᠬᠡᠲᠦᠶᠢᠪᠡᠷ ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠠᠵᠤ ᠠᠬᠤᠢ | ᠪᠠᠭᠤᠷᠠᠬᠤ ᠳᠠᠷᠤᠯᠲᠠ ᠨᠡᠯᠢᠶᠡᠳ ᠶᠡᠭᠡ ᠪᠣᠯᠪᠠᠴᠤ ᠡᠯ᠎ᠡ ᠠᠶᠢᠮᠠᠭ ᠬᠤᠲᠠ ᠬᠤᠰᠢᠭᠤ ᠰᠢᠶᠠᠨ ᠶᠠᠳᠠᠭᠤ ᠶᠢ ᠳᠡᠳᠬᠦᠬᠦ | ᠪᠡᠯᠡ ᠮᠥᠡᠭᠭᠦ ᠶᠢ ᠲᠣᠬᠢᠷᠠᠭᠤᠯᠬᠤ ᠲᠠᠯ᠎ᠠ ᠪᠠᠷ ︽12·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠬᠢᠷᠢ | ᠬᠡᠮᠵᠢᠶ᠎ᠡ ᠪᠠᠨ ᠥᠷᠭᠦᠯᠵᠢᠯᠡᠨ ᠪᠠᠲᠤᠯᠠᠬᠤ ᠬᠡᠷᠡᠭᠲᠡᠢ ᠭᠡᠪᠡ᠃ | | |