ᠤᠯᠤᠰ ᠤᠨ ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ ᠶᠢᠨ 24 ᠤ ᠡᠳᠦᠷ ᠤᠨ ᠮᠡᠳᠡᠭᠡ ᠠᠴᠠ | ᠦᠵᠡᠪᠡᠯ᠂ 8 ᠳ᠋ᠤᠭᠠᠷ ᠰᠠᠷ᠎ᠠ ᠶᠢᠨ 20 ᠤ ᠡᠳᠦᠷ ᠠᠴᠠ ᠨᠠᠰᠢ ᠥᠪᠥᠷ ᠮᠣᠩᠭᠤᠯ ᠤᠨ ᠬᠡᠰᠡᠭ ᠭᠠᠵᠠᠷ ᠲᠤ ᠶᠡᠭᠡ | ᠬᠡᠪᠴᠢᠶ᠎ᠡ ᠪᠠᠷ ᠪᠣᠷᠣᠭᠠᠨ ᠣᠷᠣᠵᠤ᠂ 8 ᠳ᠋ᠤᠭᠠᠷ ᠰᠠᠷ᠎ᠠ ᠶᠢᠨ 24 ᠤ ᠡᠳᠦᠷ ᠤᠨ 9 ᠴᠠᠭ ᠪᠣᠯᠲᠠᠯ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠪᠦᠷᠢᠳᠬᠡᠨ | ᠮᠡᠳᠡᠭᠦᠯᠦᠭᠰᠡᠨ ᠢᠶᠠᠷ᠂ ᠥᠪᠥᠷ ᠮᠣᠩᠭᠤᠯ ᠤᠨ ᠪᠤᠭᠤᠲᠤ᠂ ᠤᠯᠠᠭᠠᠨᠬᠠᠳᠠ᠂ ᠪᠠᠶᠠᠨᠨᠠᠭᠤᠷ ᠵᠡᠷᠭᠡ 4 ᠬᠤᠳᠠ ︵ | ᠠᠶᠢᠮᠠᠭ︶ ᠶᠢᠨ 5 ᠲᠣᠭᠤᠷᠢᠭ ︵ᠬᠤᠰᠢᠭᠤ︶ ᠤᠨ 5700 ᠰᠢᠬᠠᠮ ᠬᠥᠮᠦᠨ ᠭᠠᠮᠰᠢᠭᠳᠠᠵᠤ᠂ 100 ᠭᠠᠷᠤᠶ | ᠬᠥᠮᠦᠨ ᠢ ᠪᠠᠴᠢᠮ ᠰᠢᠯᠵᠢᠭᠦᠯᠦᠨ ᠲᠥᠪᠬᠢᠨᠡᠭᠦᠯᠪᠡ︔ 700 ᠭᠠᠷᠤᠶ ᠲᠠᠰᠤᠯᠭ᠎ᠠ ᠭᠡᠷ ᠪᠠᠶᠢᠰᠢᠩ ᠠᠳᠠᠯᠢ ᠪᠤᠰᠤ | ᠬᠡᠮᠵᠢᠶ᠎ᠡ ᠪᠠᠷ ᠡᠪᠳᠡᠷᠡᠵᠦ ᠰᠦᠢᠳᠪᠡ︔ 800 ᠭᠠᠷᠤᠶ ᠾᠧᠺᠲ᠋ᠠᠷ ᠲᠠᠷᠢᠮᠠᠯ ᠭᠠᠮᠰᠢᠭᠳᠠᠵᠤ᠂ ᠠᠵᠤ ᠠᠬᠤᠶ ᠶᠢᠨ | ᠰᠢᠭᠤᠳ ᠬᠤᠬᠢᠷᠠᠯ ᠨᠢ 1100 ᠭᠠᠷᠤᠶ ᠲᠦᠮᠡᠨ ᠲᠥᠭᠦᠷᠢᠭ ᠲᠤ ᠬᠦᠷᠴᠡᠶ᠃ |