ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠳᠠᠬᠤ ᠬᠤᠷᠠᠯ ᠬᠤᠷᠠᠯᠳᠤᠭᠤᠯᠵᠠᠢ  ᠯᠢ ᠫᠧᠩ ᠰᠢᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2016/8/25
     8 ᠳ᠋ᠤᠭᠠᠷ ᠰᠠᠷ᠎ᠠ ᠶᠢᠨ 24᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ ᠪᠠᠶᠢᠭᠤᠯᠤᠭᠳᠠᠬᠤ ᠬᠤᠷᠠᠯ ᠬᠤᠷᠠᠯᠳᠤᠭᠤᠯᠵᠤ᠂ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠧᠩ ᠰᠢᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢ ᠫᠧᠩ ᠰᠢᠨ᠂ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠬᠤ ᠪᠤᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠰᠤᠷᠭᠠᠨ ᠬᠦᠮᠦᠵᠢᠯ ᠤᠨ ᠦᠢᠯᠡᠰ ᠤᠨ ᠦᠭᠡᠷᠡᠴᠢᠯᠡᠯᠲᠡ ᠬᠦᠭᠵᠢᠯᠲᠠ ᠶᠢ ᠠᠬᠢᠭᠤᠯᠬᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠴᠢᠬᠤᠯᠠ ᠡᠭᠦᠷᠭᠡ ᠪᠤᠯᠤᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ ᠶᠢ ᠪᠠᠶᠢᠭᠤᠯᠵᠤ᠂ ᠦᠪᠡᠷᠲᠡᠭᠡᠨ ᠵᠠᠰᠠᠬᠤ ᠤᠷᠤᠨ ᠤ ᠵᠤᠬᠢᠶᠠᠨ ᠪᠠᠶᠢᠭᠤᠯᠬᠤ ᠬᠡᠯᠲᠡᠰ ᠢ ᠬᠠᠮᠵᠢᠵᠤ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠭᠤᠯᠬᠤ ᠪᠠᠷ ᠪᠤᠯᠤᠭᠰᠠᠨ ᠤ ᠵᠤᠷᠢᠯᠭ᠎ᠠ ᠨᠢ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠦᠨᠡᠨᠬᠦ ᠨᠢᠭᠡᠳᠦᠯᠲᠡᠢ ᠲᠦᠯᠦᠪᠵᠢᠭᠦᠯᠵᠤ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠳᠠᠪᠠᠭᠤᠯᠢᠭ ᠪᠣᠯᠣᠨ ᠵᠤᠬᠢᠶᠠᠨ ᠪᠠᠶᠢᠭᠤᠯᠤᠯᠳᠠ ᠶᠢᠨ ᠳᠠᠪᠠᠭᠤᠯᠢᠭ ᠢ ᠨᠡᠩ ᠰᠠᠶᠢᠳᠤᠷ ᠪᠠᠳᠠᠷᠠᠭᠤᠯᠵᠤ᠂ ᠰᠤᠷᠭᠠᠨ ᠬᠦᠮᠦᠵᠢᠯ ᠤᠨ ᠬᠦᠷᠢᠶᠠᠨ ᠳᠠᠬᠢ ᠶᠡᠷᠤᠩᠬᠡᠢ ᠦᠭᠡᠷᠡᠴᠢᠯᠡᠯᠲᠡ ᠶᠢ ᠬᠦᠴᠦᠲᠠᠢ ᠠᠬᠢᠭᠤᠯᠵᠤ᠂ ᠰᠤᠷᠭᠠᠨ ᠬᠦᠮᠦᠵᠢᠯ ᠤᠨ ᠦᠢᠯᠡᠰ ᠤᠨ ᠰᠢᠨᠵᠢᠯᠡᠬᠦ ᠤᠬᠠᠭᠠᠨᠴᠢ ᠬᠦᠭᠵᠢᠯᠳᠠ ᠳᠤ ᠡᠷᠡᠰ ᠪᠠᠲᠦ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠳᠤ ᠪᠠᠶᠢᠨ᠎ᠠ ᠭᠡᠵᠤ ᠵᠢᠭᠠᠵᠤ ᠭᠠᠷᠭᠠᠵᠠᠢ᠃      ᠯᠢ ᠫᠧᠩ ᠰᠢᠨ᠂ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ ᠨᠢ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠢᠶᠠᠨ ᠲᠦᠪᠯᠡᠷᠡᠭᠦᠯᠵᠦ᠂ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠵᠦᠪ ᠤᠨᠤᠪᠴᠢᠲᠠᠢ ᠰᠤᠷᠭᠠᠭᠤᠯᠢ ᠡᠷᠬᠢᠯᠡᠬᠦ ᠴᠢᠭᠯᠡᠯ ᠢ ᠪᠠᠲᠤᠯᠠᠬᠤ ᠶᠢᠨ ᠲᠤᠭᠤᠷᠢᠨ ᠳᠤ᠂ ᠰᠤᠷᠭᠠᠨ ᠬᠦᠮᠦᠵᠢᠯ ᠤᠨ ᠠᠵᠢᠯ ᠤᠨ ᠭᠤᠤᠯ ᠡᠭᠦᠷᠭᠡ ᠶᠢᠨ ᠲᠤᠭᠤᠷᠢᠨ ᠳᠤ᠂ ᠬᠦᠴᠢᠷ ᠠᠰᠠᠭᠤᠳᠠᠯ ᠢ ᠰᠢᠢᠳᠪᠦᠷᠢᠯᠡᠵᠤ ᠳᠤᠳᠠᠭᠤᠳᠠᠯ ᠢᠶᠠᠨ ᠨᠦᠬᠦᠪᠦᠷᠢᠯᠡᠵᠤ ᠲᠦᠯᠦᠪᠵᠢᠭᠦᠯᠦᠨ ᠠᠬᠢᠭᠤᠯᠬᠤ ᠶᠢᠨ ᠲᠤᠭᠤᠷᠢᠨ ᠳᠤ᠂ ᠰᠤᠷᠭᠠᠭᠤᠯᠢ ᠶᠢᠨ ᠤᠳᠤᠷᠢᠳᠬᠤ ᠪᠠᠭ ᠤᠨ ᠪᠠᠶᠢᠭᠤᠯᠤᠯᠲᠠ᠂ ᠰᠤᠷᠭᠠᠭᠤᠯᠢ ᠶᠢᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠲᠠ ᠶᠢᠨ ᠴᠤᠭᠴᠠᠯᠠᠯᠲᠠ ᠪᠤᠯᠤᠨ ︽ᠭᠤᠷᠪᠠᠨ︾ ᠡᠩᠨᠡᠭᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠳᠦᠷᠢᠮ ᠤᠨ ᠪᠠᠶᠢᠭᠤᠯᠤᠯᠲᠠ ᠶᠢ ᠳᠤᠪᠤᠶᠢᠯᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠭᠳᠠᠴᠠ᠂ ᠤᠯᠤᠯᠴᠠᠨ ᠵᠤᠬᠢᠴᠠᠭᠤᠯᠬᠤ ᠲᠤᠭᠳᠠᠴᠠ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢ ᠦᠨᠳᠦᠰᠤᠨ ᠱᠠᠳᠤᠨ ᠳᠤ ᠨᠠᠶᠢᠳᠠᠪᠤᠷᠢᠵᠢᠭᠤᠯᠵᠤ᠂ ᠪᠤᠳᠠᠳᠠᠢ ᠭᠠᠵᠠᠷ ᠲᠤᠨᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭ᠎ᠠ ᠠᠳᠬᠤᠨ ᠪᠤᠳᠠᠳᠠᠢ ᠠᠳᠬᠤᠵᠤ᠂ ᠦᠷ᠎ᠠ ᠪᠦᠲᠦᠮᠵᠢ ᠭᠠᠷᠭᠠᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号