8 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠵᠢᠷᠤᠭ ᠤᠨ | ᠬᠦᠷᠢᠶᠡᠯᠡᠩ ᠤᠨ ᠭᠠᠵᠠᠷ ᠵᠦᠢ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠭᠦᠬᠢᠭᠦᠯᠦᠨ ᠰᠠᠶᠢᠰᠢᠶᠠᠬᠤ ᠶᠡᠭᠡ | ᠬᠤᠷᠠᠯ ᠬᠥᠬᠡᠬᠤᠲᠠ ᠳᠤ ᠶᠠᠪᠤᠭᠳᠠᠵᠤ᠂ ᠠᠩᠬᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠵᠦᠢ ᠶᠢᠨ | ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠪᠢ | ᠬᠥᠮᠦᠨ ᠢ ᠬᠥᠬᠢᠭᠦᠯᠦᠨ ᠰᠠᠶᠢᠰᠢᠶᠠᠪᠠ᠃ ᠰᠤᠷᠪᠤᠯᠵᠢᠯᠠᠭᠴᠢ ᠬᠤᠷᠠᠯ ᠳᠡᠭᠡᠷ᠎ᠡ ᠠᠴᠠ ᠤᠶᠢᠯᠭᠠᠭᠰᠠᠨ ᠨᠢ᠂ | ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠵᠢᠷᠤᠭ ᠤᠨ ᠬᠦᠷᠢᠶᠡᠯᠡᠩ ᠪᠦᠬᠦ ᠤᠯᠤᠰ ᠤᠨ ᠠᠩᠬᠠᠳᠤᠭᠠᠷ | ᠤᠳᠠᠭᠠᠨ ᠤ ᠭᠠᠵᠠᠷ ᠵᠦᠢ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠪᠦᠬᠦ ᠶᠠᠪᠤᠴᠠ ᠳᠤ ᠤᠷᠤᠯᠴᠠᠭᠰᠠᠨ | ᠪᠥᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠷ᠎ᠡ ᠳ᠋ᠦᠩ ᠢ ᠬᠤᠷᠢᠶᠠᠩᠭᠤᠶᠢᠯᠠᠭᠰᠠᠨ ᠤ ᠬᠠᠮᠲᠤ | ᠪᠥᠬᠦ ᠣᠷᠣᠨ ᠤ103 ᠬᠤᠰᠢᠭᠤ ᠰᠢᠶᠠᠨ ᠬᠤᠲᠠ ᠲᠣᠭᠤᠷᠢᠭ ᠤᠨ ᠭᠠᠵᠠᠷ ᠵᠦᠢ ᠶᠢᠨ ᠪᠠᠶᠢᠳᠠᠯ ᠤᠨ ᠨᠡᠶᠢᠳᠡᠮ | ᠪᠠᠶᠢᠴᠠᠭᠠᠯᠲᠠ ᠶᠢᠨ ᠦᠷ᠎ᠡ ᠳ᠋ᠦᠩ ᠤᠨ ᠳ᠋ᠠᠶᠢᠲ᠋ᠠ ᠬᠥᠮᠥᠷᠭᠡ ᠶᠢ ᠪᠠᠶᠢᠭᠤᠯᠪᠠ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠵᠢᠷᠤᠭ ᠤᠨ ᠬᠦᠷᠢᠶᠡᠯᠡᠩ ᠨᠡᠶᠢᠳᠡᠮ | ᠪᠠᠶᠢᠴᠠᠭᠠᠯᠲᠠ ᠶᠢᠨ ᠦᠷ᠎ᠡ ᠪᠦᠲᠦᠮᠵᠢ ᠳᠤ ᠰᠠᠭᠤᠷᠢᠯᠠᠨ᠂ ᠨᠢᠭᠡᠨᠲᠡ ᠬᠤᠶᠠᠷ ᠵᠦᠢᠯ ᠤᠨ ᠵᠤᠷᠰᠢᠯ ᠤᠨ ᠬᠢᠨᠠᠨ | ᠬᠡᠮᠵᠢᠯᠲᠡ ᠶᠢ ᠦᠷᠨᠢᠭᠦᠯᠪᠡ᠂ ᠲᠤᠬᠠᠶᠢᠯᠠᠪᠠᠯ ᠳᠠᠯᠠᠨ ᠬᠠᠷ᠎ᠠ ᠠᠭᠤᠯᠠ ᠶᠢᠨ ᠤᠷᠢᠳᠤ ᠪᠡᠯ ᠤᠨ ᠠᠮᠢ ᠠᠬᠤᠶ ᠶᠢᠨ | ᠣᠷᠴᠢᠨ ᠲᠣᠭᠤᠷᠢᠨ ᠤ ᠬᠢᠨᠠᠨ ᠬᠡᠮᠵᠢᠯᠲᠡ ᠪᠤᠯᠤᠨ ᠪᠣᠷᠣᠲᠣᠬᠤᠶ ᠶᠢᠨ ᠲᠠᠯ᠎ᠠ ᠭᠠᠵᠠᠷ ᠤᠨ ᠲᠠᠷᠢᠮᠠᠯ ᠤᠨ | ᠪᠦᠲᠦᠴᠡ ᠶᠢᠨ ᠲᠣᠬᠢᠷᠠᠭᠤᠯᠣᠯᠳᠠ ᠪᠠ ᠬᠤᠵᠢᠷᠯᠢᠭ ᠭᠠᠵᠠᠷ ᠤᠨ ᠬᠤᠪᠢᠷᠠᠯᠲᠠ ᠶᠢᠨ ᠬᠢᠨᠠᠨ ᠬᠡᠮᠵᠢᠯᠲᠡ ᠬᠢᠪᠡ᠂ ᠡᠭᠦᠨ | ᠳᠤ ᠳᠠᠯᠠᠨ ᠬᠠᠷ᠎ᠠ ᠠᠭᠤᠯᠠ ᠶᠢᠨ ᠤᠷᠢᠳᠤ ᠪᠡᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠨᠢ | ᠲᠤᠰᠬᠠᠶ ᠮᠡᠷᠭᠡᠵᠢᠯᠲᠡᠨ ᠤ ᠰᠢᠯᠭᠠᠨ ᠠᠪᠬᠤ ᠳᠤ ᠪᠠᠲᠤᠯᠠᠭᠳᠠᠪᠠ᠃ ᠣᠶᠢᠯᠠᠭᠠᠭᠰᠠᠨ ᠢᠶᠠᠷ᠂ 2013~2015 ᠤᠨ | ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠵᠢᠷᠤᠭ ᠤᠨ ᠬᠦᠷᠢᠶᠡᠯᠡᠩ ᠠᠩᠬᠠᠳᠤᠭᠠᠷ ᠤᠳᠠᠭᠠᠨ ᠤ ᠪᠦᠬᠦ | ᠤᠯᠤᠰ ᠤᠨ ᠭᠠᠵᠠᠷ ᠵᠦᠢ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠳᠤᠮᠳᠠ 10 ᠬᠤᠰᠢᠭᠤ ᠰᠢᠶᠠᠨ ᠬᠤᠲᠠ | ᠲᠣᠭᠤᠷᠢᠭ ᠤᠨ ᠨᠡᠶᠢᠲᠡ 7. 2 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠨᠡᠶᠢᠳᠡᠮ ᠪᠠᠶᠢᠴᠠᠭᠠᠯᠲᠠ ᠶᠢᠨ | ᠡᠭᠦᠷᠭᠡ ᠶᠢ ᠡᠭᠦᠷᠭᠡᠯᠡᠵᠦ᠂ ᠪᠠᠰᠠ ᠥᠪᠡᠷᠲᠡᠭᠡᠨ ᠵᠠᠰᠠᠬᠤ ᠣᠷᠣᠨ ᠤ 103 ᠬᠤᠰᠢᠭᠤ ᠰᠢᠶᠠᠨ ᠬᠤᠲᠠ | ᠲᠣᠭᠤᠷᠢᠭ ᠤᠨ ᠲᠤᠭ᠎ᠠ ᠪᠠᠷᠢᠮᠲᠠ ᠢ ᠳ᠋ᠠᠶᠢᠲ᠋ᠠ ᠬᠦᠮᠦᠷᠭᠡ ᠳᠤ ᠣᠷᠣᠭᠤᠯᠬᠤ ᠪᠠ ᠮᠠᠲ᠋ᠧᠷᠢᠶᠠᠯ ᠲᠣᠬᠢᠷᠠᠭᠤᠯᠬᠤ ᠢ | ᠪᠡᠶᠡᠯᠡᠭᠦᠯᠵᠦ᠂ ᠭᠠᠵᠠᠷ ᠵᠦᠢ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢᠨ ᠦᠨᠳᠦᠰᠦᠨ ᠲᠤᠭ᠎ᠠ ᠪᠦᠷᠢᠳᠬᠡᠯ ᠤᠨ | ᠵᠠᠳᠠᠯᠤᠯᠲᠠ ᠪᠠ ᠵᠢᠷᠤᠭ ᠵᠣᠬᠢᠶᠠᠬᠤ ᠠᠵᠢᠯ ᠢ ᠪᠡᠶᠡᠯᠡᠭᠦᠯᠦᠭᠰᠡᠨ ᠪᠥᠭᠡᠳ ᠪᠦᠷᠢᠨ ᠲᠡᠭᠦᠯᠳᠡᠷ ᠠᠵᠢᠯ ᠤᠨ | ᠮᠡᠳᠡᠭᠦᠯᠦᠯᠲᠡ ᠶᠢ ᠪᠦᠷᠢᠯᠳᠦᠭᠦᠯᠪᠡ᠃ |