ᠮᠠᠨ ᠤ ᠤᠷᠤᠨ ᠠᠭᠤᠷᠬᠠᠶ ᠨᠡᠭᠡᠭᠡᠨ ᠠᠰᠢᠭᠯᠠᠬᠤ ᠡᠮᠬᠢ ᠵᠢᠷᠤᠮ ᠢ ᠴᠡᠭᠴᠡᠯᠡᠨ ᠵᠠᠰᠠᠵᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2016/8/25
      ᠡᠨᠡ ᠵᠢᠯ ᠠᠴᠠ ᠨᠠᠰᠢ᠂ ᠮᠠᠨ ᠤ ᠤᠷᠤᠨ ᠪᠦᠬᠦ ᠣᠷᠣᠨ ᠤ ᠠᠭᠤᠷᠬᠠᠶ ᠨᠡᠭᠡᠭᠡᠨ ᠠᠰᠢᠭᠯᠠᠬᠤ ᠡᠮᠬᠢ ᠵᠢᠷᠤᠮ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠤᠷᠴᠢᠨ ᠲᠣᠭᠤᠷᠢᠨ ᠢ ᠶᠡᠬᠡᠪᠡᠷ ᠬᠠᠮᠠᠭᠠᠯᠠᠵᠤ ᠪᠠᠶᠢᠨ᠎ᠠ᠃ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠬᠤ ᠶᠠᠪᠤᠴᠠ ᠳᠠᠬᠢ ᠬᠤᠯᠪᠣᠭᠳᠠᠯ ᠪᠦᠬᠦᠢ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠬᠤ ᠡᠮᠬᠢ ᠵᠢᠷᠤᠮ ᠢ ᠤᠯᠠᠮ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠢᠩᠬᠢᠮ 4 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠬᠢᠯᠡᠨ᠂ ᠪᠦᠬᠦ ᠣᠷᠣᠨ ᠤ ᠬᠡᠪᠴᠢᠶᠡᠨ ᠳᠤ ᠭᠤᠷᠪᠠᠨ ᠰᠠᠷ᠎ᠠ ᠶᠢᠨ ᠬᠤᠭᠤᠴᠠᠭ᠎ᠠ ᠪᠦᠬᠦᠢ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠭᠤᠣᠯᠳᠠᠭᠤ ᠡᠯ᠎ᠡ ᠲᠦᠷᠤᠯ ᠤᠨ ᠬᠠᠮᠠᠭᠠᠯᠠᠯᠲᠠ ᠶᠢᠨ ᠣᠷᠣᠨ ᠳᠤ ᠪᠠᠶᠢᠭᠤᠯᠤᠭᠰᠠᠨ ᠠᠭᠤᠷᠬᠠᠶ ᠬᠠᠶᠢᠬᠤ ᠡᠷᠬᠡ ᠪᠣᠯᠤᠨ ᠠᠭᠤᠷᠬᠠᠶ ᠮᠠᠯᠲᠠᠬᠤ ᠡᠷᠬᠡ᠂ ᠵᠥᠪᠰᠢᠶᠡᠷᠡᠯ ᠤᠨ ᠦᠨᠡᠮᠯᠡᠯ ᠦᠭᠡᠢ ᠪᠠᠷ ᠳᠤᠷ᠎ᠠ ᠪᠠᠷ ᠢᠶᠠᠨ ᠬᠠᠶᠢᠨ ᠪᠠᠶᠢᠴᠠᠭᠠᠵᠤ ᠮᠠᠯᠲᠠᠬᠤ ᠪᠠ ᠮᠠᠯᠲᠠᠵᠤ ᠪᠠᠶᠢᠭᠠᠳ ᠬᠠᠶᠢᠨ ᠪᠠᠶᠢᠴᠠᠭᠠᠬᠤ᠂ ᠵᠦᠪᠰᠢᠶᠡᠷᠡᠭᠰᠡᠨ ᠨᠡᠭᠡᠭᠡᠨ ᠠᠰᠢᠭᠯᠠᠬᠤ ᠲᠥᠰᠦᠯ ᠤᠨ ᠶᠣᠰᠤᠭᠠᠷ ᠦᠯᠦ ᠮᠠᠯᠲᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠨᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠪᠳᠡᠭᠰᠡᠨ ᠪᠤᠶᠤ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠡᠪᠳᠡᠭᠰᠡᠨ ᠵᠡᠷᠭᠡ ᠲᠠᠪᠤᠨ ᠲᠦᠷᠦᠯ ᠤᠨ ᠦᠢᠯᠡ ᠠᠵᠢᠯᠯᠠᠭ᠎ᠠ ᠶᠢ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ᠂ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠪᠠᠶᠢᠴᠠᠭᠠᠨ ᠰᠢᠢᠳᠪᠦᠷᠢᠯᠡᠵᠦ᠂ ᠨᠢᠭᠡᠳ ᠨᠢᠭᠡ ᠪᠠᠷ ᠢᠯᠭᠠᠷᠠᠭᠤᠯᠤᠨ ᠴᠡᠭᠴᠡᠯᠡᠨ ᠵᠠᠰᠠᠪᠠ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠡᠯ᠎ᠡ ᠱᠠᠲᠤᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠴᠢᠩᠭ᠎ᠠ︾᠎ ᠶᠢ ᠲᠡᠷᠢᠭᠦᠨ ᠳᠤ ᠲᠠᠯᠪᠢᠵᠤ᠂ ︽ᠬᠠᠮᠢᠶᠠᠷᠤᠯᠲᠠ︾᠎ ᠶᠢ ᠪᠣᠳᠠᠲᠠᠶᠢᠵᠢᠭᠤᠯᠬᠤ ᠶᠢ ᠪᠠᠷᠢᠮᠳᠠᠯᠠᠨ᠂ ᠡᠯ᠎ᠡ ᠰᠠᠯᠠᠭ᠎ᠠ ᠮᠥᠴᠢᠷ ᠯᠦᠭᠡ ᠵᠣᠬᠢᠴᠠᠯᠳᠤᠨ ᠬᠦᠳᠡᠯᠦᠯᠴᠡᠬᠦ ᠪᠠᠨ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠬᠠᠤᠯᠢ ᠠᠴᠠ ᠵᠥᠷᠢᠴᠡᠭᠰᠡᠨ ᠨᠢᠭᠡ ᠪᠦᠯᠦᠭ ᠬᠡᠷᠡᠭ ᠶᠠᠪᠤᠳᠠᠯ ᠢ ᠬᠡᠷᠡᠭ ᠪᠣᠯᠭᠠᠨ ᠳᠠᠩᠰᠠᠯᠠᠨ ᠪᠠᠶᠢᠴᠠᠭᠠᠨ ᠰᠢᠳᠭᠡᠵᠦ᠂ 32 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠣᠯᠭᠤᠪᠠ᠃ ᠬᠠᠮᠢᠶ᠎ᠠ ᠪᠦᠬᠦᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠷᠴᠢᠨ ᠲᠣᠭᠤᠷᠢᠨ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ ᠰᠠᠶᠢᠲᠤᠷ ᠭᠦᠢᠴᠡᠳᠭᠡᠯᠭᠡᠵᠦ᠂ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯ ᠢ ᠴᠡᠭᠴᠡᠯᠡᠨ ᠵᠠᠰᠠᠬᠤ ᠪᠠ ᠭᠠᠵᠠᠷ ᠵᠦᠢ ᠶᠢᠨ ᠤᠷᠴᠢᠨ ᠠᠬᠤᠢ ᠶᠢ ᠬᠠᠮᠠᠭᠠᠯᠠᠬᠤ ᠨᠡᠶᠢᠭᠡᠮ ᠤᠨ ᠦᠵᠡᠯ ᠤᠬᠠᠮᠰᠠᠷ ᠪᠣᠯᠤᠨ ᠨᠡᠶᠢᠭᠡᠮ ᠤᠨ ᠬᠠᠷᠢᠭᠤᠴᠠᠯᠭ᠎ᠠ ᠶᠢ ᠢᠯᠡᠳᠲᠡ ᠳᠡᠭᠡᠭᠰᠢᠯᠡᠭᠦᠯᠵᠦ᠂ ᠪᠦᠬᠦ ᠣᠷᠣᠨ ᠤ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠠᠰᠢᠭᠯᠠᠬᠤ ᠡᠮᠬᠢ ᠵᠢᠷᠤᠮ ᠢ ᠤᠯᠠᠮ ᠰᠠᠶᠢᠵᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号