ᠪᠦᠬᠦ ᠤᠷᠤᠨ ᠤ ᠦᠨᠳᠦᠰᠦᠨ ᠱᠠᠳᠤᠨ ᠤ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠬᠤᠷᠠᠯᠳᠤᠵᠠᠢ  ᠵᠠᠩ ᠯᠢ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2016/8/26
     8 ᠳ᠋ᠤᠭᠠᠷ ᠰᠠᠷ᠎ᠠ ᠶᠢᠨ 24᠎ ᠠᠴᠠ 25᠎ ᠤ ᠡᠳᠦᠷ ᠪᠤᠯᠳᠠᠯ᠎ᠠ᠂ ᠪᠦᠬᠦ ᠤᠷᠤᠨ ᠤ ᠦᠨᠳᠦᠰᠦᠨ ᠱᠠᠳᠤᠨ ᠤ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠠᠵᠢᠯ ᠤᠨ ᠲᠤᠷᠰᠢᠯᠭ᠎ᠠ ᠰᠤᠯᠢᠯᠴᠠᠬᠤ ᠬᠤᠷᠠᠯ ᠬᠢᠩᠭᠠᠨ ᠠᠶᠢᠮᠠᠬ ᠲᠤ ᠬᠤᠷᠠᠯᠳᠤᠬᠤ ᠶᠢᠨ ᠬᠠᠮᠳᠤ ᠲᠤᠬᠠᠢ ᠶᠢᠨ ᠲᠠᠯᠠᠪᠤᠷ ᠲᠤ ᠲᠤᠭᠤᠷᠢᠨ ᠦᠵᠡᠵᠦ᠂ ᠭᠡᠰᠡᠭ ᠠᠶᠢᠮᠠᠬ ᠬᠤᠳᠠ ᠬᠤᠰᠢᠭᠤ ᠰᠢᠶᠠᠨ ᠤ ᠬᠢᠨ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠠᠵᠢ᠊ ᠤᠨ ᠲᠤᠷᠰᠢᠯᠭ᠎ᠠ᠂ ᠠᠷᠭ᠎ᠠ ᠭᠡᠮᠵᠢᠶᠠᠨ ᠤ ᠲᠤᠬᠠᠢ ᠦᠭᠡ ᠭᠡᠯᠡᠭᠰᠡᠨ ᠪᠠ ᠪᠢᠴᠢᠭ ᠤᠨ ᠭᠡᠯᠪᠡᠷᠢ ᠶᠢᠨ ᠰᠤᠯᠢᠯᠴᠠᠭ᠎ᠠ ᠬᠢᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠵᠠᠩ ᠯᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠵᠠᠩ ᠯᠢ᠂ ᠪᠦᠬᠦ ᠤᠷᠤᠨ ᠤ ᠡᠯ᠎ᠠ ᠱᠠᠳᠤᠨ ᠤ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠶᠢᠨ ᠭᠡᠯᠪᠡᠷᠢ ᠶᠢ ᠬᠤᠪᠢᠷᠠᠭᠤᠯᠬᠤ ᠶᠢᠨ ᠴᠢᠬᠤᠯᠠ ᠴᠢᠨᠡᠷ ᠢ ᠬᠦᠢᠴᠡᠳ ᠲᠠᠨᠢᠵᠦ᠂ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠤᠢᠢᠯᠠᠭᠠᠭᠳᠠᠬᠤᠨ ᠪᠠ ᠠᠷᠭ᠎ᠠ ᠭᠡᠯᠪᠡᠷᠢ ᠪᠠᠨ ᠦᠨᠡᠨᠬᠦ ᠬᠤᠪᠢᠷᠠᠭᠤᠯᠵᠦ᠂ ᠬᠢᠨᠠᠯᠳᠠ ᠲᠠᠯᠪᠢᠨ ᠰᠠᠬᠢᠯᠭ᠎ᠠ ᠪᠠᠳᠤ ᠶᠢ ᠵᠢᠷᠤᠮᠯᠠᠬᠤ ᠶᠢᠨ ︽ᠲᠦᠷᠪᠡᠨ ᠵᠦᠢᠯ ᠤᠨ ᠪᠠᠶᠢᠳᠠᠯ︾᠎ ᠢ ᠵᠦᠪ ᠦᠢᠯᠡᠳᠦᠯᠭᠡᠵᠢᠬᠦᠯᠵᠦ᠂ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠡᠩᠨᠡᠭᠡᠨ ᠤ ᠪᠠᠶᠢᠭᠤᠯᠤᠯᠳᠠ ᠶᠢ ᠴᠢᠨᠠᠭᠰᠢᠳᠠ ᠡᠷᠴᠢᠮᠵᠢᠬᠦᠯᠵᠦ᠂ ᠪᠦᠬᠦ ᠤᠷᠤᠨ ᠤ ᠦᠨᠳᠦᠰᠦᠨ ᠱᠠᠳᠤᠨ ᠤ ᠰᠠᠬᠢᠯᠭ᠎ᠠ ᠪᠠᠳᠤ ᠶᠢ ᠰᠢᠬᠦᠬᠦ ᠠᠵᠢᠯ ᠤᠨ ᠰᠢᠨ᠎ᠠ ᠪᠠᠶᠢᠳᠠᠯ ᠢ ᠪᠤᠢ ᠪᠤᠯᠭᠠᠬᠤ ᠳᠤ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠵᠠᠩ ᠯᠢ᠂ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠪᠤᠯ ᠰᠠᠬᠢᠯᠭ᠎ᠠ ᠪᠠᠳᠤ ᠬᠢᠨᠠᠨ ᠪᠠᠶᠢᠴᠠᠭᠠᠬᠤ ᠠᠵᠢᠯ ᠤᠨ ᠬᠠᠮᠤᠭ ᠡᠴᠦᠰ ᠤᠨ ᠨᠢᠭᠡ ︽ᠠᠯᠬᠤᠮ ᠳᠠᠷᠠᠭᠠᠯᠠᠯ︾ ᠪᠠᠶᠢᠵᠦ᠂ ᠬᠢᠨᠠᠯᠳᠠ ᠲᠠᠯᠪᠢᠵᠦ ᠰᠠᠬᠢᠯᠭ᠎ᠠ ᠪᠠᠳᠤ ᠶᠢ ᠵᠢᠷᠤᠮᠯᠠᠨ ᠬᠠᠷᠢᠭᠤᠴᠠᠯᠭ᠎ᠠ ᠨᠡᠭᠡᠮᠵᠢᠯᠡᠬᠦ ᠶᠢᠨ ᠦᠷ᠎ᠠ ᠪᠦᠳᠦᠮᠵᠢ ᠲᠠᠢ ᠰᠢᠭᠤᠳ ᠬᠤᠯᠪᠤᠭᠳᠠᠳᠠᠭ᠃ ᠡᠯ᠎ᠠ ᠱᠠᠳᠤᠨ ᠤ ᠰᠢᠬᠦᠬᠦ ᠰᠠᠯᠠᠭ᠎ᠠ ᠮᠦᠴᠢᠷ ᠤᠨ ᠬᠢᠨ ᠡᠷᠬᠡᠪᠰᠢ ᠳᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ ᠸᠠᠩ ᠴᠢ ᠱᠠᠨ ᠨᠦᠬᠦᠷ ᠤᠨ ᠴᠢᠬᠤᠯᠠ ᠴᠤᠬᠤᠯᠠᠪᠤᠷᠢ ᠶᠢ ᠨᠠᠷᠢᠨ ᠬᠢᠨᠠᠮᠠᠭᠠᠢ ᠳᠤᠤᠱᠯᠠᠭᠤᠯᠤᠨ ᠬᠡᠷᠡᠭᠵᠢᠬᠦᠯᠵᠦ᠂ ᠰᠢᠨ᠎ᠠ ᠪᠠᠶᠢᠳᠠᠯ ᠂ ᠰᠢᠨ᠎ᠠ ᠡᠬᠦᠷᠬᠡ᠂ ᠰᠢᠨ᠎ᠠ ᠱᠠᠭᠠᠷᠳᠠᠯᠭ᠎ᠠ ᠯᠤᠭ᠎ᠠ ᠬᠠᠷᠢᠴᠠᠭᠤᠯᠵᠦ ᠪᠠᠶᠢᠭᠠᠳ᠂ ᠬᠦᠷᠦᠯᠴᠡᠬᠦ ᠦᠭᠡᠢ ᠳᠠᠯ᠎ᠠ ᠪᠠᠨ ᠨᠦᠬᠦᠪᠦᠷᠢᠯᠡᠵᠦ᠂ ᠠᠵᠢᠯ ᠢᠶᠠᠨ ᠬᠠᠯᠠᠨ ᠰᠠᠶᠢᠵᠢᠷᠠᠭᠤᠯᠵᠦ᠂ ᠰᠢᠨ᠎ᠡ ᠶᠢ ᠡᠬᠦᠳᠬᠦ ᠤᠨᠤᠯᠵᠢᠬᠤᠨ ᠪᠡ ᠬᠦᠴᠦᠨ ᠪᠦᠬᠦᠢ ᠠᠷᠭ᠎ᠠ ᠬᠡᠮᠵᠢᠶ᠎ᠠ ᠪᠠᠷ ᠳᠠᠮᠵᠢᠨ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠠᠵᠢᠯ ᠤᠨ ᠳᠠᠯ᠎ᠠ ᠪᠠᠷ ᠬᠢ ᠡᠯ᠎ᠡ ᠲᠦᠷᠦᠯ ᠤᠨ ᠡᠬᠦᠷᠬᠡ ᠶᠢ ᠰᠠᠶᠢᠳᠤᠷ ᠪᠡᠶᠡᠯᠡᠬᠦᠯᠵᠦ᠂ ᠰᠠᠬᠢᠯᠭ᠎ᠠ ᠪᠠᠳᠤ ᠪᠠᠶᠢᠴᠠᠭᠠᠬᠤ ᠠᠵᠢᠯ ᠤᠨ ᠶᠠᠰᠤ ᠴᠢᠨᠠᠷ ᠢ ᠴᠢᠨᠠᠬᠰᠢᠳᠡ ᠳᠡᠬᠡᠭᠰᠢᠯᠡᠬᠦᠯᠬᠦ ᠬᠡᠷᠡᠭᠳᠡᠢ᠃ ᠡᠷᠬᠡᠪᠰᠢ ᠬᠠᠤᠯᠢ ᠬᠡᠷᠡᠭᠵᠢᠬᠦᠯᠬᠦ ᠭᠤᠤᠯᠳᠠᠯᠭ᠎ᠠ ᠶᠢ ᠳᠤᠪᠤᠶᠢᠯᠭᠠᠵᠦ᠂ ᠰᠠᠬᠢᠯᠭ᠎ᠠ ᠪᠠᠳᠤ ᠶᠢ ᠰᠠᠭᠢᠬᠤ ᠪᠠᠷ ᠤᠷᠢᠳᠡᠴᠢ ᠨᠦᠬᠦᠴᠡᠯ ᠪᠤᠯᠭᠠᠵᠦ᠂ ᠰᠢᠬᠦᠨ ᠰᠢᠢᠳᠪᠤᠷᠢᠯᠡᠬᠦ ᠠᠷᠭ᠎ᠠ ᠳᠦᠰᠦᠯ ᠢ ᠰᠠᠶᠢᠵᠢᠷᠠᠭᠤᠯᠵᠦ᠂ ᠰᠠᠬᠢᠯᠭ᠎ᠠ ᠪᠠᠳᠤ ᠶᠢᠨ ᠳᠠᠯ᠎ᠠ ᠪᠠᠷ ᠬᠢ ᠰᠢᠬᠦᠨ ᠰᠢᠢᠳᠪᠤᠷᠢᠯᠡᠬᠦ ᠤᠨᠴᠠᠯᠢᠬ ᠢ ᠴᠢᠩᠭᠠᠳᠬᠠᠵᠦ᠂ ᠶᠡᠷᠦᠩᠬᠡᠶᠢᠯᠡᠨ ᠬᠡᠷᠡᠭᠯᠡᠬᠦ ᠠᠷᠭ᠎ᠠ ᠪᠠᠷᠢᠯ ᠢᠶᠠᠷ ᠰᠠᠬᠢᠯᠭ᠎ᠠ ᠪᠠᠳᠤ ᠶᠢ ᠵᠢᠷᠤᠮᠯᠠᠬᠤ ᠦᠷ᠎ᠠ ᠠᠰᠢᠬ ᠢ ᠢᠯᠡᠷᠡᠬᠦᠯᠵᠦ᠂ ᠰᠢᠳᠬᠡᠯ ᠦᠭᠴᠤ ᠬᠡᠷᠡᠭᠵᠢᠬᠦᠯᠬᠦ ᠠᠵᠢᠯ ᠢ ᠴᠢᠩᠭᠠᠳᠬᠠᠵᠦ᠂ ᠤᠶᠠᠨ ᠬᠠᠳᠠᠨ ᠢᠶᠠᠷ ᠬᠠᠤᠯᠢ ᠬᠡᠷᠡᠭᠵᠢᠬᠦᠯᠬᠦ ᠠᠵᠢᠯ ᠢ ᠦᠨᠡᠨᠬᠦ ᠪᠠᠳᠤᠯᠠᠬᠤ ᠬᠡᠷᠡᠭᠳᠡᠢ᠃ ᠡᠷᠬᠡᠪᠰᠢ ᠤᠨᠤᠪᠴᠢᠳᠠᠢ ᠡᠵᠡᠮᠳᠡᠵᠦ᠂ ︽ᠳᠦᠷᠪᠡᠨ ᠵᠦᠢᠯ ᠤᠨ ᠪᠠᠶᠢᠳᠠᠯ︾᠎ ᠢ ᠰᠠᠶᠢᠳᠤᠷ ᠦᠢᠯᠡᠳᠦᠯᠬᠡᠵᠢᠬᠦᠯᠵᠦ᠂ ᠰᠠᠶᠢᠳᠤᠷ ᠬᠡᠷᠡᠭᠯᠡᠵᠦ᠂ ᠬᠡᠷᠡᠭ ᠢ ᠮᠡᠳᠡᠬᠦᠯᠵᠦ ᠳᠡᠪᠰᠢᠬᠦᠯᠬᠦ ᠠᠵᠢᠯ ᠢ ᠴᠢᠨᠠᠬᠰᠢᠳᠠ ᠳᠦᠷᠢᠮᠵᠢᠬᠦᠯᠵᠦ᠂ ᠳᠤᠳᠤᠭᠠᠳᠤ ᠳᠠᠭᠠᠨ ᠬᠢᠨᠡᠯᠳᠡ ᠳᠠᠯᠪᠢᠨ ᠬᠢᠵᠠᠭᠠᠷᠯᠠᠬᠤ ᠠᠵᠢᠯ ᠢ ᠴᠢᠩᠭᠠᠳᠬᠠᠵᠦ᠂ ︽ᠳᠦᠷᠪᠡᠨ ᠵᠦᠢᠯ ᠤᠨ ᠪᠠᠶᠢᠳᠠᠯ︾᠎ ᠢ ᠠᠰᠢᠬᠯᠠᠭᠠᠳ ᠠᠳᠡᠬᠦᠦ ᠳᠠᠰᠤᠯᠤᠯᠳᠠ ᠬᠢᠬᠦ᠂ ᠪᠤᠷᠤᠭᠤ ᠰᠢᠢᠳᠪᠤᠷᠢᠯᠡᠯᠳᠡ ᠦᠭᠬᠦ ᠶᠢ ᠬᠤᠷᠢᠬᠯᠠᠬᠤ ᠬᠡᠷᠡᠭᠳᠡᠢ᠃ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠡᠩᠨᠡᠬᠡᠨ ᠤ ᠪᠠᠶᠢᠭᠤᠯᠤᠯᠳᠠ ᠶᠢ ᠴᠢᠨᠠᠬᠰᠢᠳᠠ ᠴᠢᠩᠭᠠᠳᠬᠠᠵᠦ᠂ ᠰᠢᠬᠦᠬᠦ ᠬᠦᠴᠦᠨ ᠢ ᠨᠡᠶᠢᠳᠬᠡᠵᠦ᠂ ︽ᠰᠢᠶᠠᠩ ᠤᠨ ᠬᠡᠷᠡᠭ ᠢ ᠰᠢᠶᠡᠨ ᠳᠤ ᠰᠢᠬᠦᠬᠦ︾ ︽ᠬᠠᠮᠳᠤᠷᠠᠯᠴᠠᠨ ᠰᠢᠬᠦᠬᠦ︾ ︽ᠬᠤᠶᠠᠷ ᠱᠠᠳᠤ ᠪᠠᠷ ᠰᠢᠬᠦᠬᠦ︾ ︽ᠰᠤᠯᠢᠪᠴᠠᠭᠤᠯᠤᠨ ᠰᠢᠬᠦᠬᠦ︾ ᠵᠡᠷᠬᠡ ᠠᠵᠢᠯ ᠤᠨ ᠳᠤᠬᠳᠠᠴᠠ ᠶᠢ ᠪᠠᠶᠢᠭᠤᠯᠵᠦ᠂ ᠰᠢᠬᠦᠭᠦ ᠺᠠᠳ᠋ᠷ ᠲᠤ ᠪᠤᠯᠪᠠᠰᠤᠷᠠᠯ ᠬᠦᠷᠳᠡᠬᠡᠬᠦ ᠠᠵᠢᠯ ᠢ ᠴᠢᠩᠭᠠᠳᠬᠠᠵᠦ᠂ ᠬᠢᠨᠠᠯᠳᠠ ᠳᠠᠯᠪᠢᠨ ᠰᠠᠬᠢᠯᠭ᠎ᠠ ᠪᠠᠳᠤ ᠶᠢ ᠵᠢᠷᠤᠮᠯᠠᠨ ︽ᠳᠦᠷᠪᠡᠨ ᠵᠦᠢᠯ ᠤᠨ ᠪᠠᠶᠢᠳᠠᠯ︾᠎ ᠢ ᠦᠢᠯᠡᠳᠦᠯᠬᠡᠵᠢᠬᠦᠯᠬᠦ᠂ ᠰᠠᠬᠢᠯᠭ᠎ᠠ ᠪᠠᠳᠤ ᠶᠢ ᠵᠢᠷᠤᠮᠯᠠᠨ ᠰᠢᠬᠦᠬᠦ ᠠᠵᠢᠯ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠳᠤ ᠤᠶᠤᠨ ᠤᠬᠠᠭᠠᠨ ᠤ ᠳᠡᠮᠵᠢᠯᠬᠡ ᠦᠵᠡᠬᠦᠯᠬᠦ ᠬᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号