2016 ᠣᠨ ᠤ ᠳᠤᠮᠳᠠᠳᠤ ᠤᠯᠤᠰ ᠤᠨ ᠪᠠᠷᠠᠭᠤᠨ ᠬᠡᠰᠡᠭ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠶᠠᠷᠢᠶᠠᠨ ᠤ ᠲᠠᠪᠴᠠᠩ ᠢ 8 ᠳ᠋ᠤᠭᠠᠷ ᠰᠠᠷ᠎ᠠ ᠶᠢᠨ 28᠎ ᠤ ᠡᠳᠦᠷ ᠪᠤᠭᠤᠲᠤ ᠳᠤ ᠡᠷᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/8/26
      8 ᠳ᠋ᠤᠭᠠᠷ ᠰᠠᠷ᠎ᠠ ᠶᠢᠨ 28᠎ ᠤ ᠡᠳᠦᠷ᠂ ︽2016 ᠣᠨ ᠤ ᠳᠤᠮᠳᠠᠳᠤ ᠤᠯᠤᠰ ᠤᠨ ᠪᠠᠷᠠᠭᠤᠨ ᠬᠡᠰᠡᠭ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ ᠤ ᠶᠠᠷᠢᠶᠠᠨ ᠤ ᠲᠠᠪᠴᠠᠩ︾᠎ ᠢ ᠪᠤᠭᠤᠲᠤ ᠳᠤ ᠡᠷᠬᠢᠯᠡᠬᠦ ᠪᠠᠷ ᠪᠠᠶᠢᠨ᠎ᠠ᠃ ᠲᠤᠰ ᠤᠳᠠᠭᠠᠨ ᠤ ᠶᠠᠷᠢᠶᠠᠨ ᠤ ᠲᠠᠪᠴᠠᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠭᠤᠣᠯᠯᠠᠨ ᠡᠷᠭᠢᠯᠡᠵᠦ᠂ ᠱᠸᠥ ᠱᠠᠨ ᠽᠠᠢ ᠹᠦ᠋ ᠪᠡᠯᠡ ᠣᠷᠤᠭᠤᠯᠬᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠰᠠᠢ ᠳ᠋ᠢ ᠭᠦ᠋ ᠸᠧᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠬᠢᠯᠡᠨ᠎ᠡ᠃      ᠶᠠᠷᠢᠶᠠᠨ ᠤ ᠲᠠᠪᠴᠠᠩ ᠨᠢ ︽ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠵᠠᠭᠪᠤᠷ ᠢ ᠰᠢᠨᠡᠴᠢᠯᠡᠵᠦ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠳᠡᠮᠵᠢᠯᠭᠡ ᠦᠵᠡᠭᠦᠯᠦᠶ᠎ᠡ︾ ᠭᠡᠰᠡᠨ ᠭᠤᠣᠯ ᠰᠡᠳᠦᠪ ᠢᠶᠠᠷ᠂ ᠠᠵᠤ ᠦᠢᠯᠡᠰ ᠤᠨ ᠬᠥᠭᠵᠢᠯᠲᠡ ᠬᠢᠭᠡᠳ ᠮᠥᠩᠭᠦᠨ ᠭᠦᠢᠯᠭᠡᠭᠡᠨ ᠤ ᠬᠡᠷᠡᠭᠯᠡᠭᠡ ᠶᠢᠨ ᠰᠢᠨᠡᠴᠢᠯᠡᠯᠲᠡ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠠᠯᠠᠮᠰᠢᠯ ᠵᠥᠪᠯᠡᠬᠦ ᠰᠡᠳᠦᠪ ᠲᠤ ᠴᠢᠭᠯᠡᠭᠦᠯᠦᠨ᠂ ᠤᠯᠤᠰ ᠤᠨ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠷᠣᠨ ᠨᠤᠲᠤᠭ ᠤᠨ ᠵᠠᠰᠠᠭ ᠤᠨ ᠣᠷᠳᠣᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ᠂ ᠨᠡᠷᠡᠲᠦ ᠪᠡᠯᠠ ᠣᠷᠣᠭᠤᠯᠬᠤ ᠪᠠᠶᠢᠭᠤᠯᠤᠮᠵᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠡᠷᠡᠳᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢ ᠬᠤᠳᠠᠯᠳᠤᠭ᠎ᠠ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠠᠵᠤ ᠠᠬᠤᠶᠢᠯᠠᠯ᠂ ᠲᠤᠰᠬᠠᠶ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠨᠢᠭᠡᠴᠡ ᠶᠢ ᠦᠷᠭᠡᠨ ᠢᠶᠠᠷ ᠤᠷᠢᠵᠤ᠂ ᠠᠵᠢᠯ ᠲᠦᠷᠦᠯ ᠤᠨ ᠬᠠᠯᠠᠮᠰᠢᠯ ᠪᠠ ᠠᠩᠬᠠᠷᠤᠯ ᠲᠥᠪᠯᠡᠷᠡᠭᠰᠡᠨ ᠠᠰᠠᠭᠤᠳᠠᠯ ᠳᠤ ᠭᠦᠨᠵᠡᠭᠡᠶ ᠵᠠᠳᠠᠯᠤᠯᠲᠠ ᠬᠢᠬᠦ ᠪᠠ ᠥᠷᠭᠡᠨ ᠳᠡᠯᠭᠡᠷᠡᠩᠬᠦᠢ ᠶᠠᠷᠢᠯᠴᠠᠬᠤ ᠪᠣᠯᠤᠨ᠎ᠠ᠃      ᠶᠠᠷᠢᠶᠠᠨ ᠤ ᠲᠠᠪᠴᠠᠩ ᠨᠢ ᠤᠳᠤᠷᠢᠳᠬᠤ ᠬᠦᠮᠦᠰ ᠤᠨ ᠶᠠᠷᠢᠶᠠᠨ ᠤ ᠲᠠᠪᠴᠠᠩ ᠤᠨ ᠬᠤᠷᠠᠯ ᠪᠣᠯᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠡᠷᠭᠡ ᠬᠤᠶᠠᠷ ᠬᠡᠰᠡᠭ ᠢᠶᠠᠷ ᠪᠦᠷᠢᠯᠳᠦᠪᠡ᠃ ᠤᠳᠤᠷᠢᠳᠬᠤ ᠬᠦᠮᠦᠰ ᠤᠨ ᠶᠠᠷᠢᠶᠠᠨ ᠤ ᠲᠠᠪᠴᠠᠩ ᠤᠨ ᠬᠤᠷᠠᠯ ᠨᠢ ︽ᠰᠢᠨ᠎ᠡ ᠶᠢ ᠡᠭᠦᠳᠬᠦ ᠳᠤ ᠠᠭᠤᠰᠤᠯᠴᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠪᠠᠷ ᠠᠵᠤ ᠦᠢᠯᠡᠰ ᠢ ᠠᠬᠢᠭᠤᠯᠤᠨ ᠳᠠᠪᠰᠢᠯᠲᠠ ᠶᠢ ᠪᠡᠶᠡᠯᠡᠭᠦᠯᠬᠦ︾᠎ ᠪᠠᠷ ᠭᠤᠣᠯ ᠰᠡᠳᠦᠪ ᠪᠣᠯᠭᠠᠵᠤ᠂ ᠤᠯᠤᠰ ᠤᠨ ᠬᠠᠮᠢᠶ᠎ᠠ ᠪᠦᠬᠦᠢ ᠶᠠᠮᠤᠨ ᠵᠦᠪᠯᠡᠯ ᠤᠨ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠡᠷᠳᠡᠮᠲᠡᠳ ᠪᠣᠯᠤᠨ ᠠᠵᠤ ᠠᠬᠤᠶᠢᠯᠠᠯᠲᠠᠨ ᠤ ᠲᠥᠯᠥᠭᠡᠯᠡᠭᠴᠢ ᠶᠢ ᠤᠷᠢᠨ᠂ ᠠᠵᠤ ᠦᠢᠯᠡᠰ ᠤᠨ ᠬᠥᠭᠵᠢᠯᠲᠡ ᠪᠣᠯᠤᠨ ᠮᠥᠩᠭᠦᠨ ᠭᠦᠢᠯᠭᠡᠭᠡᠨ ᠤ ᠬᠡᠪ ᠵᠠᠭᠪᠤᠷ ᠤᠨ ᠰᠢᠨᠡᠴᠢᠯᠡᠯᠲᠡ ᠳᠤ ᠰᠠᠭᠤᠷᠢᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠰᠢᠨ᠎ᠡ ᠠᠷᠭ᠎ᠠ ᠵᠠᠮ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠠᠵᠤ ᠦᠢᠯᠡᠰ ᠤᠨ ᠬᠦᠭᠵᠢᠯᠲᠡ ᠳᠤ ᠴᠢᠨᠠᠷ ᠰᠠᠶᠢᠲᠠᠶ᠂ ᠥᠨᠳᠥᠷ ᠪᠦᠲᠦᠮᠵᠢᠲᠦ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠪᠣᠯᠤᠨ᠎ᠠ᠃ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠨᠢ ︽ᠢᠷᠡᠭᠡᠳᠦᠢ ᠶᠢ ᠪᠠᠷᠠᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠭᠵᠢᠭᠦᠯᠬᠦ ᠠᠮᠢᠵᠢᠷᠠᠯ ᠤᠨ ᠬᠦᠴᠦᠨ ᠢ ᠬᠦᠭᠵᠢᠭᠡᠬᠦ︾᠎ ᠪᠠᠷ ᠭᠤᠣᠯ ᠰᠡᠳᠦᠪ ᠪᠣᠯᠭᠠᠵᠤ᠂ ᠤᠯᠤᠰ ᠤᠨ ᠳᠣᠲᠣᠭᠠᠳᠤ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠦᠷᠢᠶᠡᠨ ᠳᠠᠬᠢ ᠮᠡᠷᠭᠡᠵᠢᠯ ᠵᠢᠴᠢ ᠠᠵᠢᠯ ᠲᠦᠷᠦᠯ ᠤᠨ ᠲᠤᠰᠬᠠᠶ ᠮᠡᠷᠭᠡᠵᠢᠯᠲᠡᠨ᠂ ᠠᠵᠤ ᠠᠬᠤᠶᠢᠯᠠᠯᠲᠠᠨ ᠢ ᠤᠷᠢᠵᠤ᠂ ᠤᠳᠤᠬᠠᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠴᠢᠭᠯᠡᠭᠦᠯᠦᠨ᠂ ᠤᠯᠤᠰ ᠤᠨ ᠲᠦᠷᠦ ᠶᠢᠨ ᠪᠤᠳᠤᠯᠭ᠎ᠠ ᠶᠢ ᠬᠡᠷᠬᠢᠨ ᠠᠰᠢᠭᠯᠠᠬᠤ᠂ ᠮᠥᠩᠭᠦᠨ ᠭᠦᠢᠯᠭᠡᠭᠡᠨ ᠤ ᠪᠠᠭᠠᠵᠢ ᠶᠢ ᠬᠡᠷᠬᠢᠨ ᠰᠠᠶᠢᠲᠤᠷ ᠬᠡᠷᠡᠭᠯᠡᠬᠦ᠂ ᠬᠠᠮᠲᠤᠷᠠᠯᠴᠠᠭᠠᠨ ᠤ ᠵᠠᠭᠪᠤᠷ ᠎ ᠢᠶᠠᠨ ᠬᠡᠷᠬᠢᠨ ᠰᠢᠨᠡᠴᠢᠯᠡᠬᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠣᠳᠠᠲᠤ ᠬᠦᠴᠦᠨ ᠢ ᠬᠡᠷᠬᠢᠨ ᠳᠡᠭᠡᠭᠰᠢᠯᠡᠭᠦᠯᠬᠦ ᠵᠡᠷᠭᠡ ᠬᠠᠯᠠᠮᠰᠢᠯ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号