ᠥᠪᠥᠷ ᠮᠣᠩᠭᠤᠯ᠄ ᠠᠭᠤᠷᠬᠠᠶ ᠨᠡᠭᠡᠭᠡᠨ ᠬᠦᠭᠵᠢᠭᠦᠯᠬᠦ ᠡᠮᠬᠢ ᠵᠢᠷᠤᠮ ᠢ ᠴᠡᠭᠴᠡᠯᠡᠨ ᠵᠠᠰᠠᠵᠤ ᠲᠠᠪᠤᠨ ᠲᠦᠷᠦᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ ᠪᠠᠶᠢᠨ᠎ᠠ
ᠨᠡᠶᠢᠲᠡᠯᠡᠭᠰᠡᠨ ᠴᠠᠭ᠄
2016/8/26
     ᠡᠨᠡ ᠵᠢᠯ ᠠᠴᠠ ᠨᠠᠰᠢ᠂ ᠥᠪᠥᠷ ᠮᠣᠩᠭᠤᠯ ᠪᠦᠬᠦ ᠣᠷᠣᠨ ᠤ ᠠᠭᠤᠷᠬᠠᠶ ᠨᠡᠭᠡᠭᠡᠨ ᠬᠦᠭᠵᠢᠭᠦᠯᠬᠦ ᠡᠮᠬᠢ ᠵᠢᠷᠤᠮ ᠢ ᠴᠡᠭᠴᠡᠯᠡᠬᠦ ᠡᠷᠴᠢᠮ ᠢ ᠨᠡᠮᠡᠭᠳᠡᠭᠦᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠶᠡᠬᠡᠪᠡᠷ ᠬᠠᠮᠠᠭᠠᠯᠠᠪᠠ᠃      ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠳᠤᠮᠳᠠ ᠬᠤᠯᠪᠣᠭᠳᠠᠯ ᠪᠦᠬᠦᠢ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠬᠠᠢ ᠲᠥᠪ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠲᠢᠩᠬᠢᠮ ᠡᠨᠡ ᠵᠢᠯ ᠤᠨ 4 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠬᠢᠯᠡᠨ᠂ ᠪᠦᠬᠦ ᠣᠷᠣᠨ ᠤ ᠬᠡᠪᠴᠢᠶᠡᠨ ᠳᠤ 3 ᠰᠠᠷ᠎ᠠ ᠶᠢᠨ ᠬᠤᠭᠤᠴᠠᠭ᠎ᠠ ᠪᠦᠬᠦᠢ ᠠᠭᠤᠷᠬᠠᠶ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠭᠤᠣᠯᠳᠠᠭᠤ ᠡᠯ᠎ᠡ ᠲᠦᠷᠤᠯ ᠤᠨ ᠬᠠᠮᠠᠭᠠᠯᠠᠯᠲᠠ ᠶᠢᠨ ᠣᠷᠣᠨ ᠳᠤ ᠪᠠᠶᠢᠭᠤᠯᠤᠭᠰᠠᠨ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠬᠡ᠂ ᠬᠠᠶᠢᠨ ᠰᠢᠨᠵᠢᠵᠦ ᠨᠡᠭᠡᠭᠡᠨ ᠮᠠᠯᠲᠠᠬᠤ ᠵᠥᠪᠰᠢᠶᠡᠷᠡᠯ ᠤᠨ ᠦᠨᠡᠮᠯᠡᠯ ᠦᠭᠡᠢ ᠪᠠᠷ ᠳᠤᠷ᠎ᠠ ᠪᠠᠷ ᠢᠶᠠᠨ ᠬᠠᠶᠢᠨ ᠪᠠᠶᠢᠴᠠᠭᠠᠵᠤ ᠮᠠᠯᠲᠠᠭᠰᠠᠨ ᠪᠠ ᠮᠠᠯᠲᠠᠬᠤ ᠪᠠᠷ ᠬᠠᠶᠢᠨ ᠰᠢᠨᠵᠢᠯᠡᠬᠦ ᠶᠢ ᠤᠷᠤᠭᠤᠯᠤᠭᠰᠠᠨ᠂ ᠵᠦᠪᠰᠢᠶᠡᠷᠡᠭᠰᠡᠨ ᠨᠡᠭᠡᠭᠡᠨ ᠬᠥᠭᠵᠢᠭᠦᠯᠵᠦ ᠠᠰᠢᠭᠯᠠᠬᠤ ᠲᠦᠰᠦᠯ ᠤᠨ ᠶᠤᠰᠤᠭᠠᠷ ᠮᠠᠯᠲᠠᠭᠰᠠᠨ ᠦᠭᠡᠢ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠠᠴᠠ ᠪᠤᠯᠤᠭᠠᠳ ᠠᠭᠤᠷᠬᠠᠶ ᠶᠢᠨ ᠡᠬᠢ ᠪᠠᠶᠠᠯᠢᠭ ᠢ ᠡᠪᠳᠡᠭᠰᠡᠨ ᠪᠤᠶᠤ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠡᠪᠳᠡᠭᠰᠡᠨ ᠵᠡᠷᠭᠡ ᠲᠠᠪᠤᠨ ᠲᠦᠷᠦᠯ ᠤᠨ ᠦᠢᠯᠡ ᠠᠵᠢᠯᠯᠠᠭ᠎ᠠ ᠳᠤ ᠲᠤᠤᠷᠵᠢᠯᠠᠭᠰᠠᠨ ᠪᠠᠶᠢᠴᠠᠭᠠᠯᠲᠠ ᠬᠢᠵᠦ᠂ ᠬᠠᠤᠯᠢ ᠶᠣᠰᠣᠭᠠᠷ ᠴᠢᠩᠭ᠎ᠠ ᠪᠥᠭᠡᠳ ᠬᠦᠨᠳᠦ ᠪᠠᠷ ᠪᠠᠶᠢᠴᠠᠭᠠᠨ ᠰᠢᠢᠳᠪᠦᠷᠢᠯᠡᠵᠦ᠂ ᠨᠢᠭᠡᠳ ᠨᠢᠭᠡ ᠪᠠᠷ ᠢᠯᠭᠠᠷᠠᠭᠤᠯᠤᠨ ᠴᠡᠭᠴᠡᠯᠡᠵᠦ ᠵᠠᠰᠠᠪᠠ᠃ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠳᠤᠮᠳᠠ᠂ ᠡᠯ᠎ᠡ ᠱᠠᠲᠤᠨ ᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ︽ᠴᠢᠩᠭ᠎ᠠ ︾ ᠪᠠᠶᠢᠬᠤ ᠶᠢ ᠲᠡᠷᠢᠭᠦᠨ ᠳᠤ ᠲᠠᠯᠪᠢᠵᠤ᠂ ︽ᠬᠠᠮᠢᠶᠠᠷᠬᠤ︾᠎ ᠶᠢ ᠪᠤᠲᠠᠲᠠᠶᠢᠵᠢᠭᠤᠯᠵᠤ᠂ ᠡᠯ᠎ᠡ ᠰᠠᠯᠠᠭ᠎ᠠ ᠮᠥᠴᠢᠷ ᠲᠠᠢ ᠵᠣᠬᠢᠴᠠᠯᠳᠤᠨ ᠬᠦᠲᠡᠯᠦᠯᠴᠡᠬᠦ ᠪᠠᠨ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠬᠠᠤᠯᠢ ᠶᠢ ᠵᠥᠷᠢᠴᠡᠭᠰᠡᠨ ᠬᠡᠷᠡᠭ ᠢ ᠨᠢᠭᠡ ᠪᠦᠯᠦᠭ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠳᠬᠡᠵᠦ᠂ 32 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠦᠭᠪᠡ᠃ ᠬᠤᠯᠪᠣᠭᠳᠠᠯ ᠪᠦᠬᠦᠢ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠣᠷᠴᠢᠨ ᠠᠬᠤᠶ ᠶᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ ᠰᠠᠶᠢᠲᠤᠷ ᠭᠦᠢᠴᠡᠳᠬᠡᠯᠭᠡᠵᠦ᠂ ᠠᠭᠤᠷᠬᠠᠶ ᠶᠢᠨ ᠠᠵᠤ ᠠᠬᠤᠶᠢᠯᠠᠯ ᠤᠨ ᠭᠠᠵᠠᠷ ᠵᠦᠢ ᠶᠢᠨ ᠣᠷᠴᠢᠨ ᠲᠤᠭᠤᠷᠢᠨ ᠢ ᠵᠠᠰᠠᠬᠤ ᠪᠠ ᠬᠠᠮᠠᠭᠠᠯᠠᠬᠤ ᠨᠡᠶᠢᠭᠡᠮ ᠤᠨ ᠦᠵᠡᠯ ᠤᠬᠠᠮᠰᠠᠷ ᠪᠠ ᠨᠡᠶᠢᠭᠡᠮ ᠤᠨ ᠬᠠᠷᠢᠭᠤᠴᠠᠯᠭ᠎ᠠ ᠶᠢ ᠨᠢ ᠢᠯᠡᠳᠲᠡ ᠳᠡᠭᠡᠭᠰᠢᠯᠡᠭᠦᠯᠵᠦ᠂ ᠪᠦᠬᠦ ᠣᠷᠣᠨ ᠤ ᠠᠭᠤᠷᠬᠠᠶ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠨᠡᠭᠡᠭᠡᠨ ᠬᠥᠭᠵᠢᠭᠦᠯᠬᠦ ᠡᠮᠬᠢ ᠵᠢᠷᠤᠮ ᠤᠯᠠᠮ ᠨᠢᠭᠡ ᠠᠯᠬᠤᠮ ᠰᠠᠶᠢᠵᠢᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号