ᠪᠦᠬᠦ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠣᠬᠠᠢ ᠶᠢᠨ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠪᠠ  ᠯᠢᠤ ᠰᠢᠨ ᠯᠧ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2016/8/29
     8 ᠳ᠋ᠤᠭᠠᠷ ᠰᠠᠷ᠎ᠠ ᠶᠢᠨ 26᠎ ᠤ ᠡᠳᠦᠷ᠂ ᠪᠦᠬᠦ ᠤᠷᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠎ ᠤᠨ ᠠᠵᠢᠯ ᠤᠨ ᠲᠤᠬᠠᠢ ᠶᠢᠨ ᠲᠠᠯᠠᠪᠠᠢ ᠶᠢᠨ ᠲᠤᠷᠰᠢᠯᠭ᠎ᠠ ᠰᠤᠯᠢᠯᠴᠠᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃ ᠬᠤᠷᠠᠯ ᠠᠴᠠ ᠪᠦᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠠᠨᠳᠦ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠡᠷᠡᠭᠦᠯ ᠡᠩᠬᠡ ᠬᠤᠲᠠ ᠡᠷᠡᠭᠦᠯ ᠡᠩᠬᠡ ᠲᠤᠰᠬᠤᠨ ᠪᠠᠯᠭᠠᠰᠤᠨ ᠤ ᠲᠤᠷᠰᠢᠯᠲᠡ ᠶᠢᠨ ᠴᠢᠭ᠋ ᠤᠨ ᠠᠵᠢᠯ ᠢ ᠡᠬᠢᠯᠡᠭᠦᠯᠵᠦ᠂ ᠬᠤᠶᠢᠰᠢᠲᠡ ᠶᠢᠨ ᠬᠡᠰᠡᠭ ᠬᠤᠭᠤᠴᠠᠭᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ  ᠎ ᠤᠨ ᠠᠵᠢᠯ ᠤᠨ ᠭᠤᠤᠯ ᠪᠤᠯᠬᠤ ᠡᠭᠦᠷᠭᠡ ᠶᠢ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢᠤ ᠰᠢᠨ ᠯᠧ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃      ᠯᠢᠤ ᠰᠢᠨ ᠯᠧ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠰᠠᠶᠢᠳᠤᠷ ᠬᠢᠬᠦ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠪᠦᠬᠦ ᠤᠯᠤᠰ ᠤᠨ ᠡᠷᠡᠭᠦᠯ ᠬᠠᠮᠠᠭᠠᠯᠠᠯ ᠪᠠ ᠡᠷᠡᠭᠦᠯ ᠮᠠᠨᠳᠤ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠴᠢᠩᠭ᠎ᠠ ᠡᠵᠡᠮᠰᠢᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠢᠨ᠎ᠠ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠤᠯᠠᠮ ᠴᠢᠨᠠᠭᠰᠢᠲᠠ ᠴᠢᠩᠭᠠᠳᠬᠠᠬᠤ ᠲᠤᠬᠠᠢ ᠰᠠᠨᠠᠯ︾ ᠪᠠ ᠦᠪᠡᠷᠲᠡᠭᠡᠨ ᠵᠠᠰᠠᠬᠤ ᠤᠷᠤᠨ ᠤ ︽ᠬᠡᠷᠡᠭᠵᠢᠭᠦᠯᠬᠦ ᠰᠠᠨᠠᠯ︾᠎ ᠢ ᠵᠤᠬᠢᠶᠠᠨ ᠪᠠᠶᠢᠭᠤᠯᠵᠦ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ᠡᠷᠡᠭᠦᠯ ᠡᠩᠬᠡ ᠦᠪᠦᠷ ᠮᠤᠩᠭᠤᠯ ᠢ ᠪᠦᠲᠦᠭᠡᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠠᠭᠤᠯᠭ᠎ᠠ ᠶᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠬᠦᠨᠳᠦᠳᠬᠡᠬᠦ ᠠᠴᠠ ᠨᠡᠶᠢᠭᠡᠮ ᠤᠨ ᠡᠷᠡᠭᠦᠯ ᠮᠡᠨᠳᠦ ᠶᠢ ᠪᠦᠬᠦ ᠲᠠᠯ᠎ᠠ ᠪᠠᠷ ᠬᠠᠮᠢᠶᠠᠷᠬᠤ ᠵᠦᠭ ᠬᠤᠪᠢᠷᠠᠭᠠᠬᠤ᠂ ᠠᠵᠢᠯ ᠤᠨ ᠬᠡᠯᠪᠡᠷᠢ ᠶᠢ ᠪᠦᠳᠦᠭᠦᠯᠢᠭ ᠬᠠᠮᠢᠶᠠᠷᠤᠯᠲᠠ ᠠᠴᠠ ᠨᠠᠷᠢᠯᠢᠭ ᠬᠠᠮᠢᠶᠠᠷᠤᠯᠲᠠ ᠵᠦᠭ ᠬᠤᠪᠢᠷᠠᠭᠠᠬᠤ ᠶᠢ ᠯᠠᠪᠳᠠᠭᠤᠨ ᠠᠬᠢᠭᠤᠯᠵᠤ᠂ ᠬᠤᠲᠠ ᠬᠦᠳᠡᠭᠡ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ᠂ ᠤᠯᠠᠨ ᠲᠦᠮᠡᠨ ᠤ ᠪᠤᠯᠪᠠᠰᠤᠨ ᠡᠷᠡᠭᠦᠯ ᠬᠠᠮᠠᠭᠠᠯᠠᠯ ᠤᠨ ᠬᠡᠪ ᠴᠢᠨᠠᠷ᠂ ᠪᠦᠬᠦ ᠠᠷᠠᠳ ᠤᠨ ᠡᠷᠡᠭᠦᠯ ᠮᠡᠨᠳᠦ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠯᠢᠤ ᠰᠢᠨ ᠯᠧ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠡᠷᠡᠭᠦᠯ ᠡᠩᠬᠡ ᠬᠤᠲᠠ ᠡᠷᠡᠭᠦᠯ ᠡᠩᠬᠡ ᠲᠤᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠬᠦᠨᠵᠡᠭᠡᠢ ᠦᠷᠨᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠰᠤ ᠶᠢ ᠰᠠᠶᠢᠵᠢᠷᠠᠭᠤᠯᠤᠨ ᠵᠤᠷᠯᠤᠩ ᠢ ᠦᠭᠡᠷᠡᠴᠢᠯᠡᠬᠦ ᠠᠵᠢᠯ ᠎ ᠤᠨ ᠡᠷᠴᠢᠮ ᠢ ᠴᠢᠩᠭᠠᠷᠠᠭᠤᠯᠵᠤ᠂ ᠡᠯ᠎ᠡ ᠱᠠᠲᠤᠨ ᠤ ᠡᠷᠡᠭᠦᠯ ᠬᠠᠮᠠᠭᠠᠯᠠᠯ  ᠎ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠤᠨ ᠦᠷᠨᠢᠭᠦᠯᠵᠦ᠂ ᠡᠷᠡᠭᠦᠯ ᠮᠡᠨᠳᠦ ᠶᠢᠨ ᠤᠬᠠᠭᠤᠯᠭ᠎ᠠ ᠬᠦᠮᠦᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠰᠢᠨ᠎ᠡ ᠦᠷ᠎ᠡ ᠪᠦᠲᠦᠭᠡᠯ ᠢᠶᠠᠷ ᠡᠷᠡᠭᠦᠯ ᠡᠩᠬᠡ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ᠰᠢᠯᠢ ᠶᠢᠨ ᠭᠤᠤᠯ ᠠᠶᠢᠮᠠᠭ᠂ ᠪᠤᠭᠤᠲᠤ ᠬᠤᠲᠠ᠂ ᠤᠷᠳᠤᠰ ᠬᠤᠲᠠ᠂ ᠲᠦᠩᠯᠢᠶᠤᠤ ᠬᠤᠲᠠ᠂ ᠤᠯᠠᠭᠠᠨᠴᠠᠪ ᠬᠤᠲᠠ ᠸᠢᠳᠢᠣ᠋ ᠶᠢᠨ ᠬᠡᠯᠪᠡᠷᠢ ᠪᠠᠷ ᠠᠳᠠᠯᠢ ᠪᠤᠰᠤ ᠲᠠᠯ᠎ᠠ ᠠᠴᠠ ᠲᠤᠰ ᠭᠠᠵᠠᠷ ᠤᠷᠤᠨ ᠤ ᠪᠠᠨ ᠲᠤᠷᠰᠢᠯᠭ᠎ᠠ ᠪᠠ ᠠᠷᠭ᠎ᠠ ᠭᠡᠮᠵᠢᠶ᠎ᠠ ᠪᠠᠨ ᠲᠠᠨᠢᠯᠴᠠᠭᠤᠯᠬᠤ ᠶᠢᠨ ᠬᠠᠮᠲᠤ ᠳᠤᠷᠰᠢᠯᠭ᠎ᠠ ᠪᠠᠨ ᠰᠤᠯᠢᠯᠴᠠᠪᠠ᠃ ᠬᠤᠷᠠᠯ ᠳᠤ ᠤᠷᠤᠯᠴᠠᠭᠰᠠᠳ ᠪᠠᠰᠠ ᠰᠢᠯᠢ ᠶᠢᠨ ᠬᠤᠲᠠ ᠳᠤ ᠲᠤᠬᠠᠢ ᠶᠢᠨ ᠲᠠᠯᠠᠪᠠᠢ ᠳᠤᠨᠢ ᠲᠣᠭᠤᠷᠢᠨ ᠦᠵᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号