ᠳᠠᠭᠠᠳᠬᠠᠯ ᠳᠤ ᠣᠷᠤᠯᠴᠠᠭᠰᠠᠳ ᠤᠨ ᠡᠮᠨᠡᠯᠭᠡ ᠳᠤ ᠰᠠᠭᠤᠭᠰᠠᠨ ᠵᠠᠷᠤᠳᠠᠯ ᠢᠶᠠᠨ ᠳ᠋ᠦᠩᠨᠡᠨ ᠪᠤᠳᠦᠬᠤ ᠳᠤ | ᠳᠦᠭᠦᠮ ᠦᠵᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠬᠡᠷᠡᠭᠯᠡᠭᠡᠨ ᠢ | ᠵᠢᠷᠤᠮᠵᠢᠭᠤᠯᠬᠤ ᠶᠢᠨ ᠲᠤᠰᠠᠳᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠣᠷᠴᠢᠮᠬᠠᠨ ᠨᠡᠶᠢᠲᠡᠯᠡᠭᠰᠡᠨ ︽ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠲᠣᠣᠷ ᠰᠦᠯᠵᠢᠶ᠎ᠡ ᠪᠠᠷ ᠲᠡᠷᠡ ᠳᠠᠷᠤᠢ ᠲᠤᠨᠢ ᠳ᠋ᠦᠩᠨᠡᠨ ᠪᠤᠲᠤᠬᠤ ᠶᠢ | ᠬᠡᠷᠡᠭᠵᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ 9 ᠳ᠋ᠦ᠋ᠭᠡᠷ ᠰᠠᠷ᠎ᠠ ᠶᠢᠨ 1 ᠠᠴᠠ | ᠡᠬᠢᠯᠡᠨ᠂ ᠬᠥᠬᠡᠬᠤᠲᠠ ᠶᠢᠨ ᠪᠦᠭᠦ ᠬᠤᠲᠠ ᠶᠢᠨ ᠳᠠᠭᠠᠳᠬᠠᠯ ᠳᠤ ᠣᠷᠣᠯᠴᠠᠭᠰᠠᠳ ᠲᠣᠭᠲᠠᠭᠰᠠᠨ ᠴᠢᠬ ᠪᠦᠬᠦᠢ | ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠨ ᠡᠪᠡᠳᠴᠢᠨ ᠦᠵᠡᠭᠦᠯᠪᠡᠯ ᠺᠠᠷᠲ ᠢᠶᠠᠷ ᠢᠶᠠᠨ ᠲᠡᠷᠡ ᠳᠠᠷᠤᠶ | ᠳᠤᠨᠢ ᠳ᠋ᠦᠩᠨᠡᠨ ᠪᠤᠳᠤᠬᠤ ᠶᠢ ᠬᠡᠷᠡᠭᠵᠢᠭᠦᠯᠦᠨ᠎ᠡ᠃ ᠣᠶᠢᠯᠠᠭᠠᠭᠰᠠᠨ ᠢᠶᠠᠷ᠂ ᠬᠥᠬᠡᠬᠤᠲᠠ ᠶᠢᠨ ᠬᠥᠮᠦᠨ ᠤ ᠬᠦᠴᠦᠨ ᠤ | ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠠᠴᠠ ᠱᠠᠭᠠᠷᠳᠠᠭᠰᠠᠨ ᠨᠢ᠂ ᠡᠯ᠎ᠡ ᠲᠣᠭᠲᠠᠭᠰᠠᠨ | ᠴᠢᠭ᠋ ᠪᠦᠬᠦᠢ ᠡᠮᠴᠢᠯᠡᠭᠡᠨ ᠤ ᠪᠠᠶᠢᠭᠤᠯᠤᠮᠵᠢ ᠨᠤᠭᠤᠳ ᠲᠣᠣᠷ ᠰᠦᠯᠵᠢᠶ᠎ᠡ ᠪᠠᠷ ᠴᠠᠭ ᠲᠤᠬᠠᠶ ᠳᠤᠨᠢ ᠳ᠋ᠦᠩᠨᠡᠨ | ᠪᠣᠳᠣᠬᠤ ᠬᠠᠮᠢᠶ᠎ᠠ ᠪᠦᠬᠦᠢ ᠪᠡᠯᠡᠳᠬᠡᠯ ᠠᠵᠢᠯ ᠢᠶᠠᠨ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ | ᠭᠤᠷᠪᠠ ᠶᠢ ᠬᠠᠷᠭᠤᠭᠤᠯᠬᠤ ᠰᠢᠰᠲ᠋ᠧᠮ ᠤᠨ ᠲᠣᠣᠷ ᠰᠦᠯᠵᠢᠶ᠎ᠡ ᠶᠢ ᠰᠢᠯᠭᠠᠬᠤ᠂ ᠭᠠᠷᠴᠠᠭ ᠢ ᠠᠳᠠᠯᠢᠳᠬᠠᠬᠤ᠂ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠤᠰᠬᠠᠶ ᠪᠠᠷᠢᠮᠲᠠ ᠶᠢ ᠭᠤᠶᠤᠴᠢᠯᠠᠨ ᠠᠪᠬᠤ᠂ ᠲᠤᠭ᠎ᠠ | ᠪᠠᠷᠢᠮᠲᠠ ᠶᠢ ᠪᠦᠷᠢᠳᠬᠡᠬᠦ ᠵᠡᠷᠭᠡ ᠠᠵᠢᠯ ᠪᠠᠭᠲᠠᠨ᠎ᠠ︔ ᠳᠠᠭᠠᠳᠬᠠᠯ ᠳᠤ ᠣᠷᠣᠯᠴᠠᠭᠰᠠᠳ ᠲᠣᠭᠲᠠᠭᠰᠠᠨ ᠴᠢᠬ ᠪᠦᠬᠦᠢ | ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠨ ᠡᠪᠡᠳᠴᠢᠨ ᠦᠵᠡᠭᠦᠯᠬᠦ ᠳᠤ ︽ᠦᠨᠡᠮᠯᠡᠯ ᠺᠠᠷᠲ ᠶᠢ | ᠨᠢᠭᠡᠳᠬᠡᠬᠦ︾ ᠬᠠᠮᠢᠶᠠᠷᠤᠯᠲᠠ ᠶᠢ ᠬᠡᠷᠡᠭᠵᠢᠭᠦᠯᠵᠦ᠂ ᠡᠭᠦᠨ ᠤ ᠬᠠᠮᠲᠤ ︽ᠬᠥᠬᠡᠬᠤᠲᠠ ᠶᠢᠨ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠨᠡᠮᠯᠡᠯ︾ ᠪᠠ ︽ᠨᠡᠶᠢᠭᠡᠮ ᠤᠨ ᠪᠠᠲᠤᠯᠠᠭ᠎ᠠ ᠶᠢᠨ | ᠺᠠᠷᠲ︾ ᠢᠶᠠᠨ ᠭᠠᠷᠭᠠᠨ ᠦᠵᠡᠭᠦᠯᠪᠡᠯ᠂ ᠲᠣᠭᠲᠠᠭᠠᠭᠰᠠᠨ ᠴᠢᠭ᠋ ᠪᠦᠬᠦᠢ ᠡᠮᠴᠢᠯᠡᠭᠡᠨ ᠤ ᠪᠠᠶᠢᠭᠤᠯᠤᠮᠵᠢ ᠨᠢ ᠡᠷᠬᠡᠪᠰᠢ | ᠦᠨᠡᠮᠯᠡᠯ ᠪᠣᠯᠤᠨ ᠺᠠᠷᠲ ᠢ ᠨᠢ ᠰᠢᠯᠭᠠᠨ ᠨᠤᠲᠠᠯᠠᠬᠤ ᠪᠦᠭᠡᠳ ᠰᠠᠭᠤᠭᠠᠯᠢ ᠠᠷᠠᠳ ᠤᠨ ᠮᠡᠳᠡᠭᠡ ᠵᠠᠩᠭᠢ ᠪᠠ | ᠳᠠᠭᠠᠳᠬᠠᠯ ᠳᠤ ᠣᠷᠣᠯᠴᠠᠨ ᠰᠦᠢᠳᠬᠡᠯ ᠲᠤᠰᠢᠶᠠᠭᠰᠠᠨ ᠪᠠᠶᠢᠳᠠᠯ ᠢ ᠨᠢ ᠪᠠᠶᠢᠴᠠᠭᠠᠨ ᠦᠵᠡᠵᠦ᠂ ︽ᠬᠥᠮᠦᠨ᠂ | ᠦᠨᠡᠮᠯᠡᠯ᠂ ᠺᠠᠷᠲ︾ ᠶᠢ ᠨᠢᠭᠡᠳᠦᠯᠲᠡᠶ ᠪᠠᠶᠢᠯᠭᠠᠵᠤ᠂ ᠬᠠᠭᠤᠷᠮᠠᠭᠯᠠᠨ ᠣᠷᠤᠯᠠᠬᠤ ᠶᠢ ᠲᠠᠰᠤ ᠲᠥᠭᠵᠢᠵᠦ᠂ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠠᠯᠳᠠᠭᠳᠠᠯ ᠢ ᠰᠡᠷᠭᠡᠶᠢᠯᠡᠬᠦ ᠬᠡᠷᠡᠭᠲᠡᠢ︔ | ᠲᠣᠣᠷ ᠰᠦᠯᠵᠢᠶ᠎ᠡ ᠪᠠᠷ ᠲᠡᠷᠡ ᠳᠠᠷᠤᠶ ᠳᠤᠨᠢ ᠳ᠋ᠦᠩᠨᠡᠨ ᠪᠤᠳᠤᠬᠤ ᠶᠢ ᠬᠡᠷᠡᠭᠵᠢᠭᠦᠯᠦᠭᠰᠡᠨ ᠤ ᠳᠠᠷᠠᠭ᠎ᠠ᠂ ︽ | ᠨᠡᠶᠢᠭᠡᠮ ᠤᠨ ᠪᠠᠲᠤᠯᠠᠭ᠎ᠠ ᠶᠢᠨ ᠺᠠᠷᠲ︾ ᠢᠶᠠᠨ ᠮᠦᠨ ᠯᠠ ᠣᠯᠤᠭᠠᠳᠤᠢ ᠰᠠᠭᠤᠭᠠᠯᠢ ᠠᠷᠠᠳ ᠪᠣᠯ ᠲᠣᠭᠲᠠᠭᠰᠠᠨ ᠴᠢᠬ | ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠨᠡᠯᠭᠡ ᠳᠤ ᠰᠠᠭᠤᠬᠤ ᠦᠶ᠎ᠡ ︽ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ︾ ︵ᠨᠠᠰᠤᠨ ᠳᠤ ᠤᠢᠯᠦ ᠬᠦᠷᠦᠭᠰᠡᠦᠠ ᠪᠣᠯ ᠡᠷᠤᠭᠡ ᠠᠮᠠ ᠶᠢᠨ ᠲᠠᠩᠰᠠ ᠶᠢᠨ ᠳᠡᠪᠲᠡᠷ︶ ᠪᠣᠯᠤᠨ ︽ | ᠬᠥᠬᠡᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠦᠨᠡᠮᠯᠡᠯ︾ | ᠢᠶᠠᠷ ᠢᠶᠠᠨ᠂ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠷᠤᠭᠤᠯᠬᠤ ᠪᠠᠷ ᠳᠠᠮᠵᠢᠨ ᠡᠮ ᠡᠮᠨᠡᠯᠭᠡ ᠶᠢᠨ ᠳᠠᠭᠠᠳᠬᠠᠯ ᠤᠨ | ᠰᠦᠯᠵᠢᠶᠡᠨ ᠤ ᠲᠠᠪᠴᠠᠩ ᠳᠤ ᠭᠠᠷᠴᠤ ᠵᠠᠷᠤᠳᠠᠯ ᠢᠶᠠᠨ ᠲᠡᠮᠳᠡᠭᠯᠡᠵᠦ᠂ ᠡᠮᠨᠡᠯᠭᠡ ᠠᠴᠠ ᠭᠠᠷᠬᠤ ᠳ᠋ᠦᠩᠨᠡᠨ ᠪᠣᠳᠤᠯᠲᠠ | ᠬᠢᠵᠦ ᠪᠣᠯᠤᠨ᠎ᠠ᠃ ᠪᠦᠬᠦ ᠬᠤᠲᠠ ᠶᠢᠨ ᠲᠣᠭᠲᠠᠭᠰᠠᠨ ᠴᠢᠬ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ | ᠪᠣᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠳᠥᠷᠪᠡᠳᠦᠭᠡᠷ | ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ 253 ᠡᠮᠨᠡᠯᠭᠡ ᠶᠢᠨ ᠬᠤᠷᠢᠶ᠎ᠠ᠂ | ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ | ᠬᠤᠷᠢᠶ᠎ᠠ᠂ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠭᠦᠯᠦᠯ ᠤᠨ ᠡᠮᠨᠡᠯᠭᠡ ᠶᠢᠨ ᠬᠤᠷᠢᠶ᠎ᠠ᠂ ᠥᠪᠥᠷ | ᠮᠣᠩᠭᠤᠯ ᠤᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ ᠮᠣᠩᠭᠤᠯ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ᠂ ᠵᠡᠪᠰᠡᠭᠲᠦ ᠴᠠᠭᠳᠠᠭᠠᠨ ᠤ ᠡᠮᠨᠡᠯᠭᠡ ᠶᠢᠨ | ᠬᠤᠷᠢᠶ᠎ᠠ᠂ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠤᠶᠠᠳᠤᠭᠠᠷ ᠡᠮᠨᠡᠯᠭᠡ ᠶᠢᠨ ᠬᠤᠷᠢᠶ᠎ᠠ᠂ | ᠬᠥᠬᠡᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠰᠢᠨ᠎ᠡ ᠬᠤᠲᠠ ᠲᠣᠭᠤᠷᠢᠭ ᠤᠨ ᠡᠮᠨᠡᠯᠭᠡ ᠶᠢᠨ | ᠬᠤᠷᠢᠶ᠎ᠠ᠂ ᠬᠤᠲᠣᠩ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ | ᠢᠦᠢ ᠴᠢᠤᠸᠠᠨ ᠲᠣᠭᠤᠷᠢᠭ ᠤᠨ ᠡᠮᠨᠡᠯᠭᠡ ᠶᠢᠨ ᠬᠤᠷᠢᠶ᠎ᠠ᠂ ᠰᠠᠶᠢᠬᠠᠨ ᠲᠣᠭᠤᠷᠢᠭ ᠤᠨ ᠬᠤᠶᠠᠳᠤᠭᠠᠷ ᠡᠮᠨᠡᠯᠭᠡ ᠶᠢᠨ | ᠬᠤᠷᠢᠶ᠎ᠠ᠂ ᠴᠤᠤ ᠵᠢᠥᠢ ᠨᠢᠳᠦᠨ ᠤ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠡᠷᠦᠬᠦ ᠡᠪᠡᠳᠴᠢᠨ ᠤ | ᠡᠮᠨᠡᠯᠭᠡ ᠶᠢᠨ ᠬᠤᠷᠢᠶ᠎ᠠ᠂ ᠮᠠᠯᠴᠢᠨ ᠡᠮᠨᠡᠯᠭᠡ ᠶᠢᠨ ᠬᠤᠷᠢᠶ᠎ᠠ᠂ ᠳ᠋ᠦᠩ ᠹᠧᠩ ᠵᠠᠮ ᠳᠠᠬᠢ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠲᠥᠪ᠂ ᠬᠥᠬᠡᠬᠤᠲᠠ ᠶᠢᠨ ᠤᠶᠤᠨ ᠮᠡᠳᠡᠷᠡᠯ ᠤᠨ ᠡᠷᠡᠭᠦᠯᠵᠢᠭᠦᠯᠦᠯ ᠤᠨ ᠡᠮᠨᠡᠯᠭᠡ ᠶᠢᠨ ᠬᠤᠷᠢᠶ᠎ᠠ᠂ | ᠰᠢᠨ᠎ᠡ ᠬᠠᠷᠠᠭ᠎ᠠ ᠨᠢᠳᠦᠨ ᠤ ᠡᠮᠨᠡᠯᠭᠡ ᠶᠢᠨ ᠬᠤᠷᠢᠶ᠎ᠠ ᠵᠡᠷᠭᠡ ᠪᠣᠯᠤᠨ᠎ᠠ᠃ |