ᠵᠤᠨ ᠠᠴᠠ ᠨᠠᠰᠢ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠮᠠᠯᠵᠢᠬᠤ ᠣᠷᠣᠨ ᠤ ᠬᠤᠷ᠎ᠠ ᠲᠣᠨᠣᠳᠠᠰᠤ ᠶᠢᠨ | ᠬᠡᠮᠵᠢᠶ᠎ᠡ ᠶᠡᠷᠦ ᠶᠢᠨ ᠵᠢᠯ ᠤᠨ ᠠᠳᠠᠯᠢ ᠬᠤᠭᠤᠴᠠᠭᠠᠨ ᠤ ᠬᠢ ᠠᠴᠠ 3 ~ 4 ᠬᠤᠪᠢ ᠪᠠᠭᠠᠰᠪᠠ᠃ ᠣᠳᠣᠬᠠᠨ ᠳᠤ ᠂ | ᠪᠦᠬᠦ ᠣᠷᠣᠨ ᠤ 30% ᠰᠢᠬᠠᠮ ᠤᠨ ᠲᠠᠯᠠᠪᠠᠶ ᠭᠠᠩ ᠬᠠᠭᠰᠠᠷᠠᠭᠠᠨ ᠪᠣᠯᠵᠤ᠂ ᠤᠳᠠᠭᠠᠨ ᠭᠠᠩᠳᠠᠭᠰᠠᠨ ᠠᠴᠠ ᠡᠨᠡ | ᠨᠠᠮᠤᠷ ᠤᠨ ᠲᠡᠵᠢᠭᠡᠯ ᠡᠪᠡᠰᠦᠨ ᠤ ᠭᠠᠷᠤᠯᠲᠠ ᠢᠯᠡᠷᠬᠡᠶ ᠪᠠᠭᠤᠷᠠᠵᠤ᠂ ᠬᠡᠰᠡᠭ ᠬᠦᠨᠳᠦ ᠭᠠᠩᠳᠠᠭᠰᠠᠨ ᠣᠷᠣᠨ ᠤ | ᠪᠡᠯᠴᠢᠭᠡᠷ ᠤᠨ ᠠᠮᠢᠳᠤ ᠪᠣᠳᠠᠰ ᠤᠨ ᠬᠡᠮᠵᠢᠶ᠎ᠡ ᠨᠢ 5% ᠳᠤ ᠬᠦᠷᠬᠦ ᠦᠭᠡᠢ ᠪᠣᠯᠪᠠ᠃ ᠵᠢᠱᠢᠯᠲᠡ ᠪᠠᠷ ᠡᠨᠡ ᠵᠢᠯ | ᠮᠠᠨ ᠤ ᠣᠷᠣᠨ ᠤ ᠵᠡᠭᠦᠨ ᠪᠡᠶ᠎ᠡ ᠶᠢᠨ ᠮᠠᠯᠵᠢᠬᠤ ᠣᠷᠣᠨ ᠤ ᠬᠠᠳᠤᠯᠠᠩ ᠪᠡᠯᠴᠢᠭᠡᠷ ᠤᠨ ᠭᠠᠷᠤᠯᠲᠠ ᠨᠢ ᠨᠡᠶᠢᠲᠡ 684. | 6 ᠲᠦᠮᠡᠨ ᠲᠣᠨ ᠬᠠᠰᠤᠭᠳᠠᠬᠤ ᠪᠣᠯᠣᠨ᠎ᠠ᠃ ᠵᠤᠨ ᠠᠴᠠ ᠨᠠᠰᠢ ︵6 ᠳ᠋ᠤᠭᠠᠷ ᠰᠠᠷ᠎ᠠ ᠶᠢᠨ1 ᠤ ᠡᠳᠦᠷ ~ 8 | ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ︶᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠤᠣᠯ ᠪᠣᠯᠬᠤ ᠮᠠᠯᠵᠢᠬᠤ | ᠣᠷᠣᠨ ᠤ ᠬᠤᠷ᠎ᠠ ᠲᠣᠨᠣᠳᠠᠰᠤ ᠶᠢᠨ ᠬᠡᠮᠵᠢᠶ᠎ᠡ ᠨᠢ ᠴᠥᠮ ᠲᠡᠦᠬᠡ ᠶᠢᠨ ᠠᠳᠠᠯᠢ ᠬᠤᠭᠤᠴᠠᠭᠠᠨ ᠤ ᠬᠢ ᠠᠴᠠ ᠪᠠᠭ᠎ᠠ | ᠪᠠᠶᠢᠵᠤ᠂ ᠢᠯᠠᠩᠭᠤᠶ᠎ᠠ ᠬᠥᠯᠥᠨ ᠪᠤᠶᠢᠷ ᠬᠤᠳᠠ ᠶᠢᠨ ᠬᠢ ᠶᠡᠷᠦ ᠶᠢᠨ ᠵᠢᠯ ᠤᠨ ᠬᠢ ᠠᠴᠠ 110.2 ᠮᠢᠯᠢᠮᠧᠲᠷ | ᠪᠠᠭᠠᠰᠴᠤ᠂ ᠬᠢᠩᠭᠠᠨ ᠠᠶᠢᠮᠠᠭ ᠤᠨ ᠬᠢ 84.5 ᠮᠢᠯᠢᠮᠧᠲᠷ ᠪᠠᠭᠠᠰᠪᠠ᠃ 8 ᠳ᠋ᠤᠭᠠᠷ ᠰᠠᠷ᠎ᠠ ᠶᠢᠨ ᠳᠤᠮᠳᠠᠴᠢ ᠠᠴᠠ | ᠨᠠᠰᠢ᠂ ᠡᠮᠦᠨᠡᠬᠢ ᠬᠤᠭᠤᠴᠠᠭᠠᠨ ᠳᠤ ᠬᠦᠨᠳᠦ ᠨᠣᠴᠢᠲᠠᠢ ᠬᠠᠩᠳᠠᠭᠰᠠᠨ ᠰᠢᠯᠢ ᠶᠢᠨ ᠭᠤᠣᠯ ᠠᠶᠢᠮᠠᠭ ᠤᠨ ᠵᠡᠭᠦᠨ | ᠦᠵᠦᠮᠦᠴᠢᠨ ᠬᠤᠰᠢᠭᠤ᠂ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤ ᠨᠢ ᠮᠥᠨ ᠯᠡ ᠪᠣᠷᠣᠭᠠᠨ | ᠦᠭᠡᠢ ᠪᠠᠶᠢᠵᠤ᠂ ᠪᠤᠰᠤᠳ ᠶᠡᠬᠡᠩᠬᠢ ᠭᠠᠵᠠᠷ ᠣᠷᠣᠨ ᠤ ᠲᠤᠨᠳᠠᠰᠤᠨ ᠤ ᠬᠡᠮᠵᠢᠶ᠎ᠡ ᠨᠢ 20 ᠮᠢᠯᠢᠮᠧᠲᠷ ᠬᠦᠷᠬᠦ ᠦᠭᠡᠢ | ᠂ ᠭᠠᠩ ᠬᠠᠭᠰᠠᠷᠠᠭᠠᠨ ᠢ ᠲᠠᠶᠢᠯᠵᠤ ᠳᠡᠶᠢᠯᠦᠭᠰᠡᠨ ᠦᠭᠡᠢ ᠪᠠᠶᠢᠳᠠᠭ᠃ ᠲᠤᠨᠳᠠᠰᠤᠨ ᠤ ᠬᠡᠮᠵᠢᠶ᠎ᠡ ᠬᠦᠷᠦᠯᠴᠡᠬᠦ | ᠦᠭᠡᠶ ᠠᠴᠠ ᠪᠣᠯᠵᠤ ᠵᠡᠭᠦᠨ ᠪᠡᠶ᠎ᠡ ᠶᠢᠨ ᠭᠠᠩ ᠬᠠᠭᠰᠠᠷᠠᠭᠠᠨ ᠦᠷᠭᠦᠯᠵᠢᠯᠡᠨ ᠬᠦᠨᠳᠦᠷᠡᠵᠦ᠂ ᠥᠪᠥᠷ ᠮᠣᠩᠭᠤᠯ ᠤᠨ | ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠬᠡᠮᠵᠢᠯᠲᠡ ᠠᠴᠠ ᠦᠵᠡᠪᠡᠯ᠂ ᠣᠳᠣᠬᠠᠨ ᠳᠤ᠂ | ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ᠂ ᠲᠦᠩᠯᠢᠶᠣᠤ ᠬᠤᠲᠠ ᠶᠢᠨ ᠬᠤᠶᠢᠲᠤ ᠪᠡᠶ᠎ᠡ᠂ ᠳᠤᠮᠳᠠ ᠪᠡᠶ᠎ᠡ ᠪᠠ | ᠪᠠᠷᠠᠭᠤᠨ ᠪᠡᠶ᠎ᠡ ᠶᠢᠨ ᠬᠤᠶᠢᠭᠤᠷ ᠪᠣᠯᠣᠨ ᠠᠯᠠᠱᠠ ᠠᠶᠢᠮᠠᠭ ᠤᠨ ᠪᠠᠷᠠᠭᠤᠨ ᠡᠮᠦᠨᠡᠲᠦ ᠪᠡᠶ᠎ᠡ ᠶᠢᠨ ᠭᠠᠵᠠᠷ ᠣᠷᠣᠨ᠂ | 34.9 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠭᠠᠩᠳᠠᠪᠠ᠃ ᠡᠭᠦᠨ ᠳᠤ᠂ ᠣᠨᠴᠠ ᠭᠠᠩᠳᠠᠭᠰᠠᠨ | ᠲᠠᠯᠠᠪᠠᠶ ᠨᠢ 3.2 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠦᠨᠳᠦ ᠭᠠᠩᠳᠠᠭᠰᠠᠨ ᠲᠠᠯᠠᠪᠠᠶ ᠨᠢ 10.3 ᠲᠦᠮᠡᠨ | ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃ 8 ᠳ᠋ᠤᠭᠠᠷ ᠰᠠᠷ᠎ᠠ ᠶᠢᠨ 26 ᠤ ᠡᠳᠦᠷ ᠪᠣᠯᠲᠠᠯ᠎ᠠ᠂ ᠪᠦᠬᠦ | ᠣᠷᠣᠨ ᠤ ᠭᠠᠩᠳᠠᠭᠰᠠᠨ ᠪᠡᠯᠴᠢᠭᠡᠷ ᠤᠨ ᠲᠠᠯᠠᠪᠠᠶ ᠨᠢ 2225 ᠲᠦᠮᠡᠨ ᠾᠧᠺᠲ᠋ᠠᠷ ︵ᠠᠯᠠᠱᠠ ᠠᠶᠢᠮᠠᠭ ᠪᠠᠭᠲᠠᠬᠤ | ᠦᠭᠡᠢ︶ ᠲᠤ ᠬᠦᠷᠴᠦ᠂ ᠪᠡᠯᠴᠢᠭᠡᠷ ᠤᠨ ᠶᠡᠷᠦᠩᠬᠡᠶ ᠲᠠᠯᠠᠪᠠᠢ ᠶᠢᠨ 37.1% ᠶᠢ ᠡᠵᠡᠯᠡᠪᠡ᠂ ᠡᠭᠦᠨ ᠳᠤ ᠬᠦᠨᠳᠦ | ᠭᠠᠩᠳᠠᠭᠰᠠᠨ ᠲᠠᠯᠠᠪᠠᠶ ᠨᠢ 789 ᠲᠦᠮᠡᠨ ᠾᠧᠺᠲ᠋ᠠᠷ ᠲᠤ ᠬᠦᠷᠴᠦ᠂ ᠭᠠᠩᠳᠠᠭᠰᠠᠨ ᠲᠠᠯᠠᠪᠠᠶ ᠨᠢ 607 ᠲᠦᠮᠡᠨ | ᠾᠧᠺᠲ᠋ᠠᠷ ᠲᠤ ᠬᠦᠷᠪᠡ᠃ ᠢᠯᠠᠩᠭᠤᠶ᠎ᠠ ᠰᠢᠯᠢ ᠶᠢᠨ ᠭᠤᠣᠯ ᠠᠶᠢᠮᠠᠭ ᠪᠣᠯᠣᠨ ᠬᠥᠯᠥᠨ ᠪᠤᠶᠢᠷ ᠬᠤᠳᠠ ᠵᠡᠷᠭᠡ | ᠤᠯᠠᠮᠵᠢᠯᠠᠯᠲᠤ ᠰᠢᠮᠡᠯᠢᠭ ᠬᠠᠳᠤᠯᠠᠩ ᠪᠡᠯᠴᠢᠭᠡᠷ ᠲᠤ ᠨᠡᠯᠢᠶᠡᠳ ᠬᠦᠨᠳᠦ ᠭᠠᠩᠳᠠᠪᠠ᠃ ᠭᠠᠩ ᠬᠠᠭᠤᠷᠠᠶ ᠠᠴᠠ ᠪᠣᠯᠵᠤ | ᠵᠡᠭᠦᠨ ᠳᠤᠮᠳᠠ ᠪᠡᠶ᠎ᠡ ᠶᠢᠨ ᠲᠡᠵᠢᠭᠡᠯ ᠡᠪᠡᠰᠦᠨ ᠤ ᠤᠷᠭᠤᠴᠠ ᠨᠡᠯᠢᠶᠡᠳ ᠪᠣᠭᠤᠨᠢ ᠪᠣᠯᠪᠠ᠃ ᠣᠳᠣᠬᠠᠨ ᠳᠤ᠂ ᠵᠡᠭᠦᠨ | ᠳᠤᠮᠳᠠ ᠪᠡᠶ᠎ᠡ ᠶᠢᠨ ᠶᠡᠬᠡᠩᠬᠢ ᠮᠠᠯᠵᠢᠬᠤ ᠣᠷᠣᠨ ᠤ ᠬᠠᠳᠤᠯᠠᠩ ᠪᠡᠯᠴᠢᠭᠡᠷ ᠤᠨ ᠤᠷᠭᠤᠴᠠ ᠨᠢ 6 ~ 52 | ᠰᠡᠨᠲ᠋ᠢᠮᠧᠲᠷ ᠪᠠᠶᠢᠵᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 3 ~ 25 ᠰᠡᠨᠲ᠋ᠢᠮᠧᠲᠷ | ᠪᠣᠭᠤᠨᠢ ᠪᠠᠶᠢᠵᠤ᠂ ᠢᠯᠠᠩᠭᠤᠶ᠎ᠠ ᠬᠥᠯᠥᠨ ᠪᠤᠶᠢᠷ ᠬᠤᠳᠠ ᠶᠢᠨ ᠪᠠᠷᠠᠭᠤᠨ ᠪᠡᠶ᠎ᠡ ᠪᠣᠯᠣᠨ ᠰᠢᠯᠢ ᠶᠢᠨ ᠭᠤᠣᠯ | ᠠᠶᠢᠮᠠᠭ ᠤᠨ ᠵᠡᠭᠦᠨ ᠪᠡᠶ᠎ᠡ ᠶᠢᠨ ᠬᠢ ᠨᠢ 11 ~ 25 ᠰᠡᠨᠲ᠋ᠢᠮᠧᠲᠷ ᠪᠣᠭᠤᠨᠢ ᠪᠣᠯᠪᠠ᠃ ᠬᠦᠨᠳᠦ ᠭᠠᠩᠳᠠᠭᠰᠠᠨ | ᠣᠷᠣᠨ ᠤ ᠪᠡᠯᠴᠢᠭᠡᠷ ᠤᠨ ᠠᠮᠢᠳᠤ ᠪᠣᠳᠠᠰ ᠬᠡᠮᠵᠢᠶ᠎ᠡ ᠨᠢ ᠬᠡᠪ ᠤᠨ ᠵᠢᠯ ᠤᠨ 20% ᠳᠤ ᠬᠦᠷᠬᠦ ᠦᠭᠡᠢ ᠪᠠᠶᠢᠵᠤ᠂ | ᠬᠡᠰᠡᠭ ᠭᠠᠵᠠᠷ ᠤᠷᠤᠨ ᠤ ᠬᠢ 5% ᠳᠤ ᠬᠦᠷᠬᠦ ᠦᠭᠡᠢ᠂ ᠬᠠᠳᠤᠯᠠᠩ ᠪᠡᠯᠴᠢᠭᠡᠷ ᠤᠨ ᠤᠨᠠᠯᠲᠠ ᠢᠯᠡᠷᠬᠡᠶ | ᠬᠠᠰᠤᠭᠳᠠᠪᠠ᠃ ᠥᠪᠥᠷ ᠮᠣᠩᠭᠤᠯ ᠤᠨ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠯᠲᠡ ᠪᠠᠷ᠂ ᠡᠨᠡ ᠨᠠᠮᠤᠷ | ᠵᠡᠭᠦᠨ ᠪᠡᠶ᠎ᠡ ᠶᠢᠨ ᠳᠥᠷᠪᠡᠨ ᠠᠶᠢᠮᠠᠭ ᠬᠤᠳᠠ ᠶᠢᠨ ᠬᠠᠳᠤᠯᠠᠩ ᠪᠡᠯᠴᠢᠭᠡᠷ ᠤᠨ ᠬᠤᠷᠢᠶᠠᠯᠲᠠ ᠶᠡᠷᠦ ᠶᠢᠨ ᠵᠢᠯ ᠤᠨ | ᠳᠤᠮᠳᠠᠴᠢ ᠶᠡᠷᠦᠩᠬᠡᠶ ᠲᠤᠭ᠎ᠠ ᠠᠴᠠ 684.6 ᠲᠦᠮᠡᠨ ᠲᠣᠨ ᠬᠠᠰᠤᠭᠳᠠᠨ᠎ᠠ᠂ ᠡᠭᠦᠨ ᠳᠤ ᠬᠥᠯᠥᠨ ᠪᠤᠶᠢᠷ | ᠬᠤᠳᠠ ᠶᠢᠨ ᠬᠢ 309.3 ᠲᠦᠮᠡᠨ ᠲᠣᠨ ᠬᠠᠰᠤᠭᠳᠠᠵᠤ᠂ ᠰᠢᠯᠢ ᠶᠢᠨ ᠭᠤᠣᠯ ᠠᠶᠢᠮᠠᠭ ᠤᠨ ᠬᠢ 360.3 ᠲᠦᠮᠡᠨ | ᠲᠣᠨ ᠬᠠᠰᠤᠭᠳᠠᠵᠤ᠂ ᠤᠯᠠᠭᠠᠨᠬᠠᠳᠠ ᠬᠤᠲᠠ ᠶᠢᠨ ᠬᠢ 11 ᠲᠦᠮᠡᠨ ᠲᠣᠨ ᠬᠠᠰᠤᠭᠳᠠᠵᠵᠤ᠂ ᠲᠦᠩᠯᠢᠶᠣᠤ | ᠬᠤᠳᠠ ᠶᠢᠨ ᠬᠢ 4 ᠲᠦᠮᠡᠨ ᠲᠣᠨ ᠬᠠᠰᠤᠭᠳᠠᠬᠤ ᠪᠣᠯᠣᠨ᠎ᠠ᠃ |