| ᠰᠤᠷᠪᠤᠯᠵᠢᠯᠠᠭᠰᠠᠨ ᠴᠠᠭ᠄ | 2016 ᠣᠨ ᠤ 8 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ | ᠸᠧᠨ ᠮᠢᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ | ᠳᠡᠳ᠋ ᠡᠷᠬᠢᠯᠡᠭᠴᠢ ᠸᠧᠨ ᠮᠢᠨ ᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶ᠎ᠡ ᠳᠤ ᠤᠷᠢᠵᠤ᠂ ︽ᠴᠠᠭ | ᠲᠣᠬᠢᠶᠠᠯ ᠢ ᠠᠮᠵᠢᠨ ᠰᠠᠨᠠᠭᠠᠴᠢᠯᠠᠭ᠎ᠠ ᠠᠴᠠ ᠪᠠᠨ ᠠᠵᠢᠯᠯᠠᠵᠤ ᠥᠪᠥᠷ ᠮᠣᠩᠭᠤᠯ ᠤᠨ ᠬᠦᠭᠵᠢᠨ ᠮᠠᠨᠳᠤᠭᠰᠠᠨ | ᠰᠢᠨ᠎ᠡ ᠪᠠᠶᠢᠳᠠᠯ ᠢ ᠲᠠᠰᠣᠷᠠᠯᠲᠠ ᠣᠢᠭᠡᠢ ᠪᠤᠢ ᠪᠣᠯᠭᠠᠶ᠎ᠠ︾ ᠭᠡᠰᠡᠨ ᠭᠤᠣᠯ ᠰᠡᠳᠦᠪ ᠢᠶᠠᠷ ᠰᠦᠯᠵᠢᠶᠡᠨ ᠤ ᠠᠨᠳᠠ ᠨᠠᠷ | ᠲᠠᠢ ᠶᠠᠷᠢᠯᠴᠠᠭᠤᠯᠬᠤ ᠪᠠᠷ ᠪᠣᠯᠪᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠮᠢᠨᠢ | ᠢᠳᠡᠪᠬᠢᠲᠡᠶ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠦᠷᠭᠡᠨ ᠤᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠᠨ ᠪᠦᠬᠦᠨ ᠲᠤᠰ ᠬᠤᠭᠤᠴᠠᠭᠠᠨ ᠤ | ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ | ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ ᠸᠧᠨ ᠮᠢᠨ ᠪᠣᠯᠤᠨ᠎ᠠ᠃ ᠸᠧᠨ ᠡᠷᠬᠢᠯᠡᠭᠴᠢ | ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠸᠧᠨ ᠮᠢᠨ᠄ | ᠬᠥᠲᠥᠯᠥᠭᠴᠢ ᠰᠠᠶᠢᠨ ᠦᠦ᠂ ᠰᠦᠯᠵᠢᠶᠡᠨ ᠤ ᠨᠠᠶᠢᠵᠠ ᠨᠠᠷ ᠲᠠ ᠪᠦᠭᠦᠨ ᠰᠠᠶᠢᠨ ᠪᠠᠶᠢᠵᠠᠭᠠᠨᠠᠤ︕ | ᠬᠥᠲᠥᠯᠥᠭᠴᠢ᠄ | ᠸᠧᠨ ᠡᠷᠬᠢᠯᠡᠭᠴᠢ ᠡ᠂ ᠣᠶᠢᠷ᠎ᠠ ᠳᠤ᠂ ︽ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ | ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ᠢ ᠢᠯᠡ ᠪᠠᠷ | ᠨᠡᠶᠢᠲᠡᠯᠡᠨ ᠬᠡᠷᠡᠭᠵᠢᠭᠦᠯᠪᠡ᠃ ᠲᠡᠭᠡᠪᠡᠯ᠂ ︽ᠰᠠᠨᠠᠯ ᠤᠳ︾ ᠢ ᠶᠠᠮᠠᠷ ᠠᠬᠤᠢ ᠪᠠᠶᠢᠳᠠᠯ ᠳᠣᠣᠷ᠎ᠠ ᠨᠡᠶᠢᠲᠡᠯᠡᠨ | ᠬᠡᠷᠡᠭᠵᠢᠭᠦᠯᠦᠭᠰᠡᠨ ᠪᠤᠢ︖ | ᠸᠧᠨ ᠮᠢᠨ᠄ | 2003 ᠣᠨ ᠳᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠡᠭᠦᠨ | ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠭᠠᠷᠭᠠᠪᠠ᠃ 2007 ᠣᠨ ᠤ | 8 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠵᠡᠭᠦᠨ ᠬᠡᠰᠡᠭ ᠤᠨ ᠬᠥᠯᠥᠨ ᠪᠤᠶᠢᠷ᠂ ᠬᠢᠩᠭᠠᠨ᠂ ᠲᠦᠩᠯᠢᠶᠣᠤ᠂ | ᠤᠯᠠᠭᠠᠨᠬᠠᠳᠠ᠂ ᠰᠢᠯᠢ ᠶᠢᠨ ᠭᠤᠣᠯ ᠵᠡᠷᠭᠡ ᠲᠠᠪᠤᠨ ᠠᠶᠢᠮᠠᠭ ᠬᠤᠲᠠ ᠶᠢ ᠤᠯᠤᠰ ᠤᠨ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠬᠦ ᠬᠡᠪᠴᠢᠶᠡᠨ ᠳᠤ ᠵᠢᠩᠬᠢᠨᠢ ᠪᠠᠷ | ᠣᠷᠤᠭᠤᠯᠪᠠ᠃ | ᠤᠯᠤᠰ ᠠᠴᠠ ᠵᠡᠭᠦᠨ ᠬᠤᠶᠢᠲᠤ ᠣᠷᠣᠨ ᠵᠡᠷᠭᠡ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠦᠰᠡᠨ ᠠᠴᠠ ᠨᠠᠰᠢ᠂ ᠤᠯᠤᠰ ᠪᠣᠯᠤᠨ | ᠣᠷᠣᠨ ᠨᠤᠲᠤᠭ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ | ᠬᠠᠭᠤᠴᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠠᠵᠢᠯ ᠢᠯᠡᠳᠲᠡ ᠠᠮᠵᠢᠯᠲᠠ ᠪᠦᠲᠦᠮᠵᠢ ᠣᠯᠤᠭᠰᠠᠨ | ᠪᠠ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ᠂ | ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠶ ᠶᠢᠨ ᠪᠦᠳᠦᠬᠡᠨ ᠪᠠᠶᠢᠭᠤᠯᠤᠯᠲᠠ | ᠵᠡᠷᠭᠡ ᠲᠠᠯ᠎ᠠ ᠪᠠᠷ ᠢᠳᠡᠪᠬᠢᠲᠡᠶ ᠠᠬᠢᠯᠳᠠ ᠲᠠᠢ ᠪᠣᠯᠤᠭᠰᠠᠨ ᠪᠠᠶᠢᠨ᠎ᠠ᠃ | 2014 ᠣᠨ ᠠᠴᠠ ᠨᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠣᠷᠴᠢᠨ | ᠲᠣᠭᠤᠷᠢᠨ ᠪᠣᠯᠤᠨ ᠲᠤᠰ ᠪᠡᠶ᠎ᠡ ᠶᠢᠨ ᠪᠠᠶᠢᠭᠤᠯᠤᠯ ᠲᠣᠭᠲᠠᠴᠠ᠂ ᠠᠵᠤ ᠦᠢᠯᠡᠰ ᠤᠨ ᠪᠦᠲᠦᠴᠡ ᠵᠡᠷᠭᠡ ᠬᠦᠴᠦᠨ | ᠵᠦᠢᠯ ᠤᠨ ᠨᠥᠯᠥᠭᠡ ᠠᠴᠠ ᠪᠣᠯᠵᠤ᠂ ᠵᠡᠭᠦᠨ ᠬᠤᠶᠢᠲᠤ ᠣᠷᠣᠨ ᠤ ᠠᠵᠤ ᠠᠬᠤᠶ ᠶᠢᠨ ᠬᠥᠭᠵᠢᠯᠲᠡ ᠳᠤ ᠨᠡᠯᠢᠶᠡᠳ | ᠶᠡᠭᠡ ᠬᠦᠴᠢᠷᠳᠡᠯ ᠪᠣᠯᠤᠨ ᠥᠷᠢᠰᠥᠯᠳᠦᠭᠡᠨ ᠲᠤᠯᠭᠠᠷᠠᠵᠤ᠂ ᠭᠤᠣᠯ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ | ᠨᠡᠮᠡᠭᠳᠡᠯ ᠤᠨ ᠬᠤᠷᠳᠤᠴᠠ ᠢᠯᠡᠳᠲᠡ ᠪᠠᠭᠤᠷᠠᠵᠠᠶ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ ᠠᠰᠠᠭᠤᠳᠠᠯ᠂ ᠰᠢᠨ᠎ᠡ ᠬᠦᠴᠢᠷᠳᠡᠯ᠂ ᠰᠢᠨ᠎ᠡ | ᠦᠷᠢᠰᠦᠯᠳᠦᠭᠡᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠶᠡᠷᠦᠩᠬᠡᠶ ᠱᠦᠵᠢ ᠰᠢ ᠶᠢᠨ ᠫᠢᠩ᠂ | ᠶᠡᠷᠦᠩᠬᠡᠶ ᠰᠠᠶᠢᠳ ᠯᠢ ᠺᠧ ᠴᠢᠶᠠᠩ᠂ ᠳᠡᠳ᠋ ᠶᠡᠷᠦᠩᠬᠡᠶ ᠰᠠᠶᠢᠳ ᠵᠠᠩ ᠭᠤᠣ ᠯᠢ ᠵᠡᠷᠭᠡ ᠲᠥᠪ ᠤᠨ ᠤᠳᠤᠷᠢᠳᠬᠤ | ᠨᠥᠬᠦᠳ ᠤᠯᠠᠨ ᠤᠳᠠᠭ᠎ᠠ ᠬᠤᠷᠠᠯ ᠬᠤᠷᠠᠯᠳᠤᠭᠤᠯᠤᠭᠰᠠᠨ ᠪᠥᠭᠡᠳ ᠴᠢᠬᠤᠯᠠ ᠴᠣᠬᠤᠯᠠᠪᠤᠷᠢ ᠵᠢᠭᠠᠪᠤᠷᠢ ᠥᠭᠭᠦᠭᠰᠡᠨ | ᠪᠠ ᠴᠢᠬᠤᠯᠠ ᠶᠠᠷᠢᠶ᠎ᠠ ᠲᠠᠯᠪᠢᠪᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ︽ᠵᠡᠭᠦᠨ ᠬᠤᠶᠢᠲᠤ ᠣᠷᠣᠨ ᠵᠡᠷᠭᠡ | ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ ᠤᠳ︾ ᠢ ᠠᠯᠪᠠᠨ ᠶᠣᠰᠣᠭᠠᠷ ᠢᠯᠡ ᠨᠡᠶᠢᠲᠡᠯᠡᠪᠡ᠃ ︽ᠰᠠᠨᠠᠯ ᠤᠳ︾ ᠨᠢ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠤᠨ ᠳᠠᠷᠠᠭᠠᠬᠢ ︽ᠭᠤᠷᠪᠠᠨ ᠶᠡᠭᠡ ᠪᠠᠶᠢᠯᠳᠤᠬᠤ ᠪᠤᠳᠤᠯᠭ᠎ᠠ︾ ᠶᠢ ᠭᠠᠷᠭᠠᠪᠠᠯ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠣᠷᠣᠨ ᠪᠦᠰᠡ ᠶᠢᠨ | ᠬᠥᠭᠵᠢᠯᠲᠡ ᠳᠤ ᠬᠤᠯᠪᠤᠭᠳᠠᠭᠰᠠᠨ ᠠᠩᠬᠠᠳᠠᠭᠴᠢ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ | ᠪᠣᠯᠤᠨ᠎ᠠ᠃ ︽ᠰᠠᠨᠠᠯ ᠤᠳ︾ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠢ | ᠵᠠᠰᠠᠵᠤ ᠵᠠᠰᠠᠭ ᠤᠨ ᠶᠠᠪᠤᠳᠠᠯ ᠢ ᠡᠷᠬᠢᠯᠡᠬᠦ ᠰᠢᠨ᠎ᠡ ᠣᠨᠤᠯᠵᠢᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠤᠬᠤ | ᠪᠣᠳᠣᠯᠭ᠎ᠠ ᠶᠢ ᠪᠦᠬᠦ ᠲᠠᠯ᠎ᠠ ᠪᠠᠷ ᠲᠤᠤᠱᠠᠯᠠᠭᠤᠯᠵᠤ᠂ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠵᠡᠷᠭᠡ ᠠᠵᠤ | ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠯᠬᠢᠨ | ᠠᠬᠢᠭᠤᠯᠬᠤ ᠶᠡᠷᠦᠩᠬᠡᠶ ᠰᠡᠳᠬᠢᠴᠡ᠂ ᠬᠥᠭᠵᠢᠯᠲᠡ ᠶᠢᠨ ᠬᠠᠷᠠᠯᠲᠠ᠂ ᠭᠤᠣᠯ ᠡᠭᠦᠷᠭᠡ ᠪᠣᠯᠤᠨ ᠴᠢᠬᠤᠯᠠ ᠶᠡᠭᠡ ᠠᠷᠭ᠎ᠠ | ᠬᠡᠮᠵᠢᠶ᠎ᠡ ᠶᠢ ᠲᠣᠳᠤᠷᠬᠠᠶᠢᠯᠠᠭᠰᠠᠨ ᠪᠣᠯᠬᠤᠷ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠣᠣᠷ᠎ᠠ | ᠵᠡᠭᠦᠨ ᠬᠤᠶᠢᠲᠤ ᠣᠷᠣᠨ ᠤ ᠬᠥᠭᠵᠢᠯᠲᠡ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ | ᠪᠣᠯᠤᠨ᠎ᠠ᠂ ᠲᠡᠷᠡ ᠨᠢ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃ | ᠬᠥᠲᠥᠯᠥᠭᠴᠢ᠄ | ︽ᠰᠠᠨᠠᠯ ᠤᠳ︾ ᠪᠣᠯ ᠰᠢᠨ᠎ᠡ ᠬᠡᠪ ᠤᠨ ᠪᠠᠶᠢᠳᠠᠯ ᠳᠤᠤᠷ᠎ᠠ ᠵᠡᠭᠦᠨ ᠬᠤᠶᠢᠲᠤ ᠤᠷᠤᠨ ᠢ ᠬᠦᠭᠵᠢᠭᠦᠯᠦᠨ | ᠮᠠᠨᠳᠤᠭᠤᠯᠬᠤ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠦᠨ᠃ ᠲᠡᠭᠡᠪᠡᠯ ︽ᠰᠠᠨᠠᠯ ᠤᠳ | ︾ ᠨᠢ ᠳᠠᠷᠠᠭᠠᠴᠢ ᠶᠢᠨ ᠠᠯᠬᠤᠮ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠶᠠᠮᠠᠷ ᠬᠠᠷᠠᠯᠲᠠ | ᠪᠠ ᠡᠭᠦᠷᠭᠡ ᠶᠢ ᠲᠤᠳᠤᠷᠬᠠᠶᠢᠯᠠᠭᠰᠠᠨ ᠪᠤᠢ︖ | ᠸᠧᠡ ᠮᠢᠨ᠄ | ︽ᠰᠠᠨᠠᠯ ᠤᠳ︾ ᠲᠤ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠬᠤᠶᠠᠷ ᠱᠠᠲᠤ ᠦᠶ᠎ᠡ ᠶᠢᠨ ᠬᠠᠷᠠᠯᠲᠠ ᠶᠢ ᠲᠤᠳᠤᠷᠬᠠᠶᠢᠯᠠᠵᠡᠢ᠃ 2020 ᠣᠨ ᠪᠤᠯᠬᠤ ᠳᠤ᠂ ᠵᠡᠭᠦᠨ | ᠬᠤᠶᠢᠲᠤ ᠣᠷᠣᠨ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠲᠠᠯ᠎ᠠ ᠪᠠᠷ | ᠴᠢᠬᠤᠯᠠ ᠶᠡᠭᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠤᠨ | ᠬᠤᠪᠢᠷᠠᠭᠤᠯᠤᠯᠲᠠ ᠪᠠ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠠᠯ᠎ᠠ ᠪᠠᠷ ᠴᠢᠬᠤᠯᠠ ᠶᠡᠭᠡ ᠠᠬᠢᠴᠠ ᠲᠠᠢ | ᠪᠤᠯᠵᠤ᠂ ᠠᠵᠤ ᠦᠢᠯᠡᠰ ᠨᠢ ᠳᠤᠮᠳᠠ ᠳᠡᠭᠡᠳᠦ ᠳᠡᠰ ᠵᠦᠭ ᠳᠠᠪᠰᠢᠵᠤ᠂ ︽ᠰᠢᠨ᠎ᠡ ᠬᠡᠯᠪᠡᠷᠢ ᠶᠢᠨ ᠠᠵᠦ | ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ ᠤᠳᠤᠬᠢᠵᠢᠯᠠᠯᠲᠠ︾ | ᠵᠤᠬᠢᠴᠠᠯᠳᠤᠨ ᠬᠦᠭᠵᠢᠭᠰᠡᠨ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠠᠷᠠᠳ ᠲᠦᠮᠡᠨ ᠤ | ᠠᠮᠢᠳᠤᠷᠠᠯ ᠤᠨ ᠬᠢᠷᠢ ᠬᠡᠮᠵᠢᠶ᠎ᠡ ᠪᠠ ᠴᠢᠨᠠᠷ ᠴᠢᠨᠰᠠᠭ᠎ᠠ ᠶᠢ ᠨᠡᠶᠢᠳᠡᠮ ᠳᠡᠭᠡᠭᠰᠢᠯᠡᠭᠦᠯᠦᠨ᠂ ᠡᠬᠢ ᠪᠠᠶᠠᠯᠢᠭ | ᠬᠤᠮᠤᠰᠳᠠᠭᠰᠠᠨ᠂ ᠠᠵᠤ ᠦᠢᠯᠡᠰ ᠪᠠᠭᠤᠷᠠᠭᠰᠠᠨ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ | ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠤᠯᠵᠤ᠂ ᠪᠦᠬᠦ ᠤᠯᠤᠰ ᠲᠠᠢ ᠴᠤᠭᠭᠠᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠳᠠᠬᠢᠭᠠᠳ ᠠᠷᠪᠠᠨ ᠵᠢᠯ ᠣᠷᠴᠢᠮ ᠤᠨ ᠴᠠᠭ ᠬᠡᠷᠡᠭᠯᠡᠨ᠂ | ᠵᠡᠭᠦᠨ ᠬᠤᠶᠢᠲᠤ ᠣᠷᠣᠨ ᠢ ᠪᠦᠬᠦ ᠲᠠᠯ᠎ᠠ ᠶᠢᠨ ᠬᠥᠭᠵᠢᠯ ᠮᠠᠨᠳᠤᠯ ᠢ ᠪᠡᠶᠡᠯᠡᠭᠦᠯᠵᠦ᠂ ᠪᠦᠬᠦ ᠤᠯᠤᠰ ᠤᠨ | ᠣᠳᠣᠬᠢᠴᠢᠯᠠᠬᠤ ᠪᠦᠳᠦᠭᠡᠠ ᠪᠠᠶᠢᠭᠤᠯᠤᠯᠲᠠ ᠶᠢᠨ ᠡᠮᠦᠨ᠎ᠡ ᠡᠩᠨᠡᠭᠡᠨ ᠳᠤ ᠣᠷᠣᠵᠤ᠂ ᠪᠦᠬᠦ ᠤᠯᠤᠰ ᠤᠨ ᠴᠢᠬᠤᠯᠠ | ᠠᠵᠤ ᠠᠬᠤᠶ ᠶᠢᠨ ᠲᠤᠯᠭᠠᠭᠤᠷᠢᠯᠠᠬᠤ ᠪᠦᠰᠡ ᠪᠤᠯᠵᠤ᠂ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠲᠠᠢ ᠲᠡᠷᠢᠭᠦᠨ ᠤ | ᠲᠣᠨᠣᠭᠯᠠᠯ ᠦᠢᠯᠡᠳᠬᠦ ᠦᠢᠯᠡᠰ ᠤᠨ ᠰᠠᠭᠤᠷᠢᠨ ᠭᠠᠵᠠᠷ ᠪᠣᠯᠤᠨ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ | ᠪᠠᠶᠢᠯᠳᠤᠬᠤ ᠪᠤᠳᠤᠯᠭ᠎ᠠ ᠶᠢᠨ ᠰᠠᠭᠤᠷᠢᠨ ᠭᠠᠵᠠᠷ᠂ ᠤᠯᠤᠰ ᠤᠨ ᠰᠢᠨ᠎ᠡ ᠬᠡᠯᠪᠡᠷᠢ ᠶᠢᠨ ᠲᠦᠭᠦᠬᠡᠶ ᠡᠳ᠋ ᠮᠠᠲ᠋ᠧᠷᠢᠶᠠᠯ ᠤᠨ | ᠰᠠᠭᠤᠷᠢᠨ ᠭᠠᠵᠠᠷ᠂ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠴᠢᠬᠤᠯᠠ | ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠪᠠ ᠰᠤᠳᠤᠯᠤᠨ ᠬᠦᠭᠵᠢᠭᠦᠯᠬᠦ ᠰᠠᠭᠤᠷᠢᠨ ᠭᠠᠵᠠᠷ ᠲᠠᠢ ᠪᠤᠯᠭᠠᠨ᠎ᠠ᠂ | ᠪᠠᠭᠴᠠᠭᠠᠯᠠᠳ ᠬᠡᠯᠡᠪᠡᠯ ︽ᠲᠠᠪᠤᠨ ᠰᠠᠭᠤᠷᠢᠨ ᠭᠠᠵᠠᠷ ᠨᠢᠭᠡ ᠲᠤᠯᠭᠠᠭᠤᠷᠢ ᠪᠦᠰᠡ︾ ᠲᠠᠢ ᠪᠤᠯᠭᠠᠨ᠎ᠠ᠃ | ︽ᠰᠠᠨᠠᠯ ᠤᠳ︾ ᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ | ᠤᠷᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠵᠡᠭᠦᠨ ᠬᠤᠶᠢᠲᠤ ᠣᠷᠣᠨ ᠤ ᠬᠥᠭᠵᠢᠯᠲᠡ ᠶᠢᠨ ᠪᠣᠳᠠᠲᠠᠶ ᠪᠠᠶᠢᠳᠠᠯ | ᠲᠠᠢ ᠤᠶᠠᠯᠳᠤᠭᠤᠯᠤᠨ᠂ ᠪᠠᠶᠢᠭᠤᠯᠤᠯ ᠤᠨ ᠲᠣᠭᠲᠠᠴᠠ ᠶᠢ ᠬᠦᠴᠦᠯᠡᠨ ᠪᠦᠷᠢᠨᠰᠢᠭᠦᠯᠬᠦ᠂ ᠪᠦᠲᠦᠴᠡ ᠶᠢᠨ | ᠲᠤᠬᠢᠷᠠᠭᠤᠯᠤᠯᠲᠠ ᠶᠢ ᠬᠦᠴᠦᠯᠡᠨ ᠠᠬᠢᠭᠤᠯᠬᠤ᠂ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ | ᠬᠦᠴᠦᠯᠡᠨ ᠵᠤᠷᠢᠭᠵᠢᠭᠤᠯᠬᠤ᠂ ᠠᠷᠠᠳ ᠤᠨ ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠬᠤ ᠲᠤᠭᠤᠷᠢᠨ | ᠳᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠲᠦᠷᠭᠡᠳᠬᠡᠬᠦ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠠᠷᠠᠳ ᠤᠨ ᠡᠵᠡᠩᠨᠡᠭᠰᠡᠨ ᠠᠵᠤ ᠠᠬᠤᠶ ᠶᠢᠨ | ᠬᠥᠭᠵᠢᠯᠲᠡ ᠶᠢ ᠶᠡᠬᠡᠪᠡᠷ ᠳᠡᠮᠵᠢᠬᠦ᠂ ᠭᠤᠣᠯᠳᠠᠯᠭ᠎ᠠ ᠲᠠᠢ ᠲᠤᠰᠬᠠᠶ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶ | ᠲᠦᠯᠬᠢᠨ ᠠᠬᠢᠭᠤᠯᠬᠤ᠂ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂ ︽ᠨᠢᠭᠡ ᠪᠦᠰᠡ ᠨᠢᠭᠡ ᠵᠠᠮ︾ ᠤᠨ | ᠪᠦᠳᠦᠭᠡᠨ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠤᠷᠤᠯᠴᠠᠬᠤ᠂ ᠪᠡᠭᠡᠵᠢᠩ ᠲᠢᠶᠠᠨᠵᠢᠨ | ᠡᠾᠧᠪᠸᠢ ᠵᠡᠷᠭᠡ ᠠᠵᠤ ᠠᠬᠤᠶ ᠶᠢᠨ ᠣᠷᠣᠨ ᠤ ᠣᠷᠣᠨ ᠪᠦᠰᠡ ᠲᠠᠢ ᠵᠤᠯᠭᠠᠯᠳᠤᠬᠤ ᠤᠷᠤᠨ ᠪᠦᠰᠡ ᠶᠢᠨ | ᠬᠠᠮᠲᠤᠷᠠᠯᠴᠠᠭᠠᠨ ᠤ ᠰᠢᠨ᠎ᠡ ᠪᠠᠶᠢᠷᠢᠰᠢᠯ ᠢ ᠪᠤᠶ ᠪᠤᠯᠭᠠᠬᠤ᠂ ᠲᠣᠨᠣᠭᠯᠠᠯ ᠦᠢᠯᠡᠳᠬᠦ ᠵᠡᠷᠭᠡ ᠳᠠᠪᠠᠭᠤᠯᠢᠭ ᠠᠵᠤ | ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠰᠢᠨ᠎ᠡ ᠠᠵᠤ | ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠪᠤᠶᠢᠵᠢᠭᠤᠯᠬᠤ᠂ ᠦᠢᠯᠡᠳᠪᠦᠷᠢᠯᠡᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠤᠳᠤ ᠦᠢᠶ᠎ᠡ ᠶᠢᠨ ᠦᠢᠯᠡᠴᠢᠯᠡᠭᠡᠨ ᠤ | ᠦᠢᠯᠡᠰ ᠢ ᠶᠡᠬᠡᠪᠡᠷ ᠬᠦᠭᠵᠢᠭᠦᠯᠬᠦ᠂ ᠣᠳᠣᠬᠢᠴᠢᠯᠠᠭᠰᠠᠨ ᠲᠤᠮᠤ ᠬᠥᠳᠡᠭᠡ ᠠᠵᠤ ᠠᠬᠤᠶ ᠶᠢ ᠲᠦᠷᠭᠡᠪᠴᠢᠯᠡᠨ | ᠬᠦᠭᠵᠢᠭᠦᠯᠬᠦ᠂ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ᠂ ᠣᠷᠣᠨ | ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠦᠷᠢᠨᠰᠢᠭᠦᠯᠬᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠪᠠᠶᠢᠭᠤᠯᠤᠮᠵᠢ ᠨᠢ ᠣᠷᠣᠨ ᠪᠦᠰᠡ ᠶᠢᠨ ᠬᠥᠭᠵᠢᠯᠲᠡ ᠲᠠᠢ ᠨᠢᠭᠲᠠ ᠤᠶᠠᠯᠳᠤᠬᠤ ᠶᠢ ᠠᠬᠢᠭᠤᠯᠬᠤ᠂ ᠴᠢᠳᠠᠪᠤᠷᠢᠲᠠᠨ ᠢ | ᠬᠥᠮᠦᠵᠢᠭᠦᠯᠬᠦ ᠪᠠ ᠤᠶᠤᠨ ᠤ ᠬᠦᠴᠦ ᠤᠷᠤᠭᠤᠯᠬᠤ ᠡᠷᠴᠢᠮ ᠢ ᠴᠢᠩᠭᠠᠳᠬᠠᠬᠤ᠂ ᠨᠡᠶᠢᠭᠡᠮ ᠤᠨ ᠪᠠᠲᠤᠯᠠᠭ᠎ᠠ᠂ ᠠᠵᠢᠯ | ᠣᠯᠭᠤᠯᠲᠠ ᠵᠡᠷᠭᠡ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠰᠠᠭᠤᠳᠠᠯ ᠢ ᠦᠨᠡᠨ ᠬᠦ ᠰᠠᠶᠢᠲᠤᠷ | ᠰᠢᠢᠳᠪᠦᠷᠢᠯᠡᠬᠦ᠂ ᠳᠥᠭᠦᠮ ᠪᠦᠲᠦᠴᠡᠲᠦ ᠣᠷᠣᠨ ᠰᠠᠭᠤᠴᠠᠳᠤ ᠲᠤᠭᠤᠷᠢᠭ᠂ ᠲᠤᠰᠠᠭᠠᠷ ᠦᠢᠯᠡᠳᠪᠦᠷᠢ ᠠᠭᠤᠷᠬᠠᠶ ᠶᠢᠨ | ᠣᠷᠣᠨ ᠢ ᠥᠭᠡᠷᠡᠴᠢᠯᠡᠨ ᠪᠠᠶᠢᠭᠤᠯᠬᠤ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠦᠬᠦ | ᠲᠠᠯ᠎ᠠ ᠪᠠᠷ ᠬᠡᠷᠡᠭᠵᠢᠭᠦᠯᠬᠦ᠂ ᠬᠤᠲᠠ ᠶᠢ ᠰᠢᠨᠡᠴᠢᠯᠡᠨ ᠦᠭᠡᠷᠡᠴᠢᠯᠡᠨ ᠪᠠᠶᠢᠭᠤᠯᠬᠤ ᠪᠠ ᠬᠤᠳᠠ ᠬᠥᠳᠡᠭᠡ ᠶᠢᠨ ᠤᠯᠠᠨ | ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ᠂ ᠡᠬᠢ ᠪᠠᠶᠠᠯᠢᠭ ᠤᠨ | ᠬᠡᠯᠪᠡᠷᠢ ᠶᠢᠨ ᠬᠤᠲᠠ ᠶᠢᠨ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ᠂ ᠤᠮᠠᠷᠠᠲᠤ ᠶᠢᠨ ᠠᠮᠢ ᠠᠬᠤᠶ ᠶᠢᠨ | ᠬᠠᠯᠬᠠᠪᠴᠢ ᠪᠠ ᠬᠥᠬᠡᠮᠳᠦᠭk ᠠᠭᠤᠯᠠ ᠬᠦᠬᠡᠷᠡᠬᠦ ᠤᠰᠤ ᠲᠠᠢ ᠤᠷᠤᠰᠢᠨ ᠰᠠᠭᠤᠬᠤ ᠳᠤ ᠲᠤᠬᠢᠷᠠᠮᠵᠢᠲᠠᠢ ᠭᠡᠷ | ᠤᠷᠤᠨ ᠢ ᠪᠠᠶᠢᠭᠤᠯᠬᠤ ᠵᠡᠷᠭᠡ ᠨᠡᠶᠢᠲᠡ 19 ᠵᠦᠢᠯ ᠤᠨ ᠭᠤᠣᠯ ᠡᠭᠦᠷᠭᠡ ᠶᠢ ᠳᠤᠷᠠᠳᠪᠠ᠃ | ᠬᠥᠲᠥᠯᠥᠭᠴᠢ᠄ | ︽ᠰᠠᠨᠠᠯ ᠤᠳ︾ ᠢ ᠨᠡᠶᠢᠲᠡᠯᠡᠭᠰᠡᠨ ᠨᠢ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠲᠤ ᠣᠷᠣᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠬᠢᠯᠡᠨ ᠬᠡᠷᠡᠭᠵᠢᠭᠦᠯᠦᠭᠰᠡᠨ ᠢ ᠬᠠᠷᠠᠭᠤᠯᠪᠠ᠃ ᠸᠧᠡ | ᠡᠷᠬᠢᠯᠡᠭᠴᠢ ᠡ᠂ ᠥᠪᠥᠷ ᠮᠣᠩᠭᠤᠯ ᠤᠨ ᠵᠡᠭᠦᠨ ᠬᠡᠰᠡᠭ ᠤᠨ ᠠᠶᠢᠮᠠᠭ ᠬᠤᠳᠠ ᠨᠢ ᠤᠯᠤᠰ ᠤᠨ ᠲᠦᠷᠦᠭᠦᠦ ᠨᠢᠭᠡ | ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠪᠠᠷ ᠳᠠᠮᠵᠢᠨ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖ ᠰᠢᠨ᠎ᠡ ᠨᠢᠭᠡᠨ ᠡᠭᠡᠯᠵᠢ ᠶᠢᠨ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠨᠢ ᠵᠡᠭᠦᠨ ᠬᠡᠰᠡᠭ ᠤᠨ ᠠᠶᠢᠮᠠᠭ | ᠬᠤᠳᠠ ᠶᠢᠨ ᠬᠥᠭᠵᠢᠯᠲᠡ ᠳᠤ ᠶᠠᠮᠠᠷ ᠶᠠᠮᠠᠷ ᠰᠢᠨ᠎ᠡ ᠠᠵᠠ ᠲᠣᠬᠢᠶᠠᠯ ᠤᠯᠤᠭᠰᠠᠨ ᠪᠤᠢ︖ | ᠸᠧᠨ ᠮᠢᠨ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠭᠦᠨ ᠬᠡᠰᠡᠭ ᠤᠨ ᠠᠶᠢᠮᠠᠭ | ᠬᠤᠳᠠ ᠶᠢ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ | ᠬᠡᠷᠡᠭᠵᠢᠭᠦᠯᠬᠦ ᠬᠡᠪᠴᠢᠶ᠎ᠡ ᠳᠤ ᠤᠷᠤᠭᠤᠯᠤᠭᠰᠠᠨ ᠡᠨᠡ ᠬᠦ ᠴᠢᠬᠤᠯᠠ ᠠᠵᠠ ᠲᠤᠬᠢᠶᠠᠯ ᠢ ᠴᠢᠩᠭ᠎ᠠ ᠠᠳᠬᠤᠵᠤ᠂ | ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠡᠭᠦᠨ ᠬᠡᠰᠡᠭ ᠤᠨ | ᠠᠶᠢᠮᠠᠭ ᠬᠤᠳᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠤᠨᠴᠠᠯᠢᠭᠲᠤ ᠳᠠᠪᠠᠭᠤᠯᠢᠭ ᠠᠵᠤ ᠦᠢᠯᠡᠰ ᠢ | ᠠᠯᠬᠤᠮ ᠠᠯᠬᠤᠮ ᠢᠶᠠᠷ ᠪᠤᠢ ᠪᠤᠯᠭᠠᠵᠤ᠂ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ | ᠠᠬᠢᠭᠤᠯᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠣᠯᠤᠨ ᠣᠷᠴᠢᠨ ᠠᠬᠤᠶ ᠶᠢᠨ ᠬᠠᠮᠠᠭᠠᠯᠠᠯᠲᠠ ᠢᠳᠡᠪᠬᠢ | ᠠᠬᠢᠯᠲᠠ ᠲᠠᠢ ᠪᠤᠯᠵᠤ᠂ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠤᠯᠠᠮ ᠨᠢᠭᠡ ᠠᠯᠬᠤᠮ ᠬᠦᠭᠵᠢᠵᠦ᠂ ᠠᠵᠤ | ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠨᠢᠭᠡᠨ ᠦᠨᠳᠦᠷ ᠳᠡᠭᠲᠡᠷ ᠲᠤ ᠭᠠᠷᠴᠠᠶ᠃ ᠵᠡᠭᠦᠨ ᠬᠡᠰᠡᠭ ᠤᠨ | ᠠᠶᠢᠮᠠᠭ ᠬᠤᠳᠠ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠳᠡᠭ 2007 ᠣᠨ ᠳᠤ 2114.02 | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2015 ᠣᠨ ᠪᠤᠯᠬᠤ ᠳᠤ 6839.41 ᠳ᠋ᠦᠩᠰᠢᠭᠤᠷ ᠲᠥᠭᠦᠷᠢᠭ | ᠪᠤᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 12.9 % ᠪᠠᠷ ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠲᠤᠰ ᠲᠤᠰ 2007 ᠣᠨ ᠳᠤ 10010 ᠲᠥᠭᠦᠷᠢᠭ᠂ 3799 ᠲᠥᠭᠦᠷᠢᠭ | ᠪᠠᠶᠢᠭᠰᠠᠨ ᠠᠴᠠ ᠪᠠᠨ 2015 ᠣᠨ ᠪᠤᠯᠬᠤ ᠳᠤ 26042 ᠲᠥᠭᠦᠷᠢᠭ᠂ 10263 ᠲᠥᠭᠦᠷᠢᠭ ᠪᠤᠯᠵᠤ | ᠨᠡᠮᠡᠭᠳᠡᠪᠡ᠃ ᠮᠠᠨ ᠤ ᠤᠷᠤᠨ ᠪᠠᠰᠠ ᠰᠠᠨᠠᠭᠠᠴᠢᠯᠠᠭ᠎ᠠ ᠠᠴᠠ ᠪᠠᠨ ᠵᠡᠭᠦᠨ ᠬᠤᠶᠢᠲᠤ ᠶᠢᠨ ᠭᠤᠷᠪᠠᠨ ᠮᠤᠵᠢ ᠲᠠᠢ | ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠲᠦᠰᠢᠭ ᠲᠤᠯᠭᠠᠭᠤᠷᠢ ᠪᠤᠯᠵᠤ | ᠦᠭᠭᠦᠭᠰᠡᠨ ᠪᠠᠶᠢᠨ᠎ᠠ᠃ ᠡᠨᠡ ᠦᠶ᠎ᠡ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠤ | ᠬᠥᠭᠵᠢᠯᠲᠡ ᠪᠠᠷ ᠬᠠᠮᠤᠭ ᠤᠨ ᠲᠦᠷᠭᠡᠨ ᠬᠠᠮᠤᠭ ᠤᠨ ᠰᠠᠶᠢᠨ ᠴᠠᠭ ᠦᠶ᠎ᠡ ᠶᠢᠨ ᠨᠢᠭᠡ ᠪᠤᠯᠵᠤ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠪᠣᠯ ᠪᠦᠷᠢᠮᠦᠰᠦᠨ ᠵᠥᠪ᠂ ᠪᠦᠲᠦᠮᠵᠢ ᠲᠠᠢ ᠶᠤᠮ ᠭᠡᠰᠡᠨ ᠢ ᠭᠦᠢᠴᠡᠳ ᠭᠡᠷᠡᠴᠢᠯᠡᠭᠰᠡᠨ | ᠪᠠᠶᠢᠨ᠎ᠠ᠃ | ︽ᠰᠠᠨᠠᠯ ᠤᠳ︾ ᠤᠨ ᠨᠡᠶᠢᠲᠡᠯᠡᠨ ᠬᠡᠷᠡᠭᠵᠢᠭᠦᠯᠦᠭᠳᠡᠭᠰᠡᠨ ᠨᠢ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ ᠬᠥᠭᠵᠢᠯᠲᠡ ᠶᠢᠨ ᠰᠢᠨ᠎ᠡ ᠠᠶᠠᠨ ᠵᠠᠮ ᠢ ᠡᠬᠢᠯᠡᠭᠦᠯᠵᠦ᠂ ᠮᠠᠨ ᠤ ᠣᠷᠣᠨ ᠤ ᠠᠵᠤ ᠠᠬᠤᠶ ᠶᠢᠨ ᠰᠢᠨ᠎ᠡ | ᠬᠡᠪ ᠪᠠᠶᠢᠳᠠᠯ ᠳᠣᠣᠷ᠎ᠠ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠬᠦ ᠳᠤ ᠨᠢᠭᠡ ᠤᠳᠠᠭᠠᠨ ᠤ ᠴᠢᠬᠤᠯᠠ ᠶᠡᠭᠡ | ᠰᠢᠨ᠎ᠡ ᠠᠵᠠ ᠲᠣᠬᠢᠶᠠᠯ ᠢ ᠣᠯᠭᠤᠭᠰᠠᠨ ᠪᠠᠶᠢᠨ᠎ᠠ᠃ ᠵᠢᠱᠢᠶᠡᠯᠡᠪᠡᠯ᠄ ᠠᠵᠤ ᠦᠢᠯᠡᠰ ᠤᠨ ᠬᠥᠭᠵᠢᠯᠲᠡ ᠶᠢᠨ | ᠲᠠᠯ᠎ᠠ ᠪᠠᠷ᠂ ︽ᠰᠠᠨᠠᠯ ᠤᠳ︾ ᠲᠤ ︽ᠴᠡᠪᠡᠷ ᠡᠨᠧᠷᠭᠢ ᠶᠢ ᠡᠮᠬᠢ ᠵᠢᠷᠤᠮ ᠲᠠᠢ ᠪᠠᠷ ᠬᠥᠭᠵᠢᠭᠦᠯᠦᠨ᠂ ᠥᠩᠭᠡᠲᠦ | ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠦᠷᠦᠯ ᠢ ᠪᠣᠬᠢᠷᠲᠤᠯ ᠦᠭᠡᠢ ᠰᠠᠶᠢᠵᠢᠷᠠᠭᠤᠯᠤᠨ ᠲᠡᠰ | ᠳᠡᠪᠰᠢᠭᠦᠯᠬᠦ ᠶᠢ ᠲᠥᠯᠬᠢᠨ ᠠᠬᠢᠭᠤᠯᠵᠤ᠂ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠤᠳᠤ ᠦᠶ᠎ᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠬᠥᠭᠵᠢᠭᠦᠯᠵᠦ᠂ ᠮᠥᠰᠥ ᠴᠠᠰᠤ᠂ ᠤᠢ ᠰᠢᠭᠤᠶ᠂ ᠨᠤᠲᠤᠭ ᠪᠡᠯᠴᠢᠭᠡᠷ᠂ | ᠬᠢᠯᠢ ᠬᠢᠵᠠᠭᠠᠷ᠂ ᠵᠠᠩ ᠦᠢᠯᠡ ᠵᠡᠷᠭᠡ ᠳᠠᠪᠠᠭᠤᠯᠢᠭ ᠢ ᠢᠳᠡᠪᠬᠢᠲᠡᠶ ᠪᠠᠳᠠᠷᠠᠭᠤᠯᠤᠨ᠂ ᠵᠢᠭᠤᠯᠴᠢᠯᠠᠯ᠂ | ᠰᠡᠯᠡᠭᠦᠴᠡᠯ ᠵᠡᠷᠭᠡ ᠠᠵᠤ ᠦᠢᠯᠡᠰ ᠢ ᠲᠦᠷᠭᠡᠳᠬᠡᠨ ᠬᠥᠭᠵᠢᠭᠦᠯᠬᠦ︾ ᠶᠢ ᠳᠤᠷᠠᠳᠪᠠ᠂ ᠡᠨᠡ ᠨᠢ ᠵᠡᠭᠦᠨ ᠬᠡᠰᠡᠭ ᠤᠨ | ᠠᠶᠢᠮᠠᠭ ᠬᠤᠳᠠ ᠶᠢᠨ ︽ᠲᠠᠪᠤᠨ ᠶᠡᠭᠡ ᠰᠠᠭᠤᠷᠢᠨ ᠭᠠᠵᠠᠷ︾ ᠤᠨ ᠪᠥᠳᠥᠭᠡᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠦᠷᠭᠡᠳᠬᠡᠬᠦ ᠪᠣᠯᠣᠨ᠎ᠠ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ︽ᠰᠠᠨᠠᠯ ᠤᠳ︾ | ᠲᠤ ︽ᠬᠥᠯᠥᠨ ᠪᠤᠶᠢᠷ ᠰᠢᠯᠢ ᠶᠢᠨ ᠭᠤᠣᠯ ᠵᠡᠷᠭᠡ ᠭᠤᠣᠯᠳᠠᠯᠭ᠎ᠠ ᠲᠠᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢ | ᠠᠬᠢᠭᠤᠯᠵᠤ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠪᠠ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠥᠷᠨᠢᠭᠦᠯᠬᠦ ᠳᠤ ᠳᠡᠮᠵᠢᠯᠭᠡ ᠦᠵᠡᠭᠦᠯᠬᠦ︾ ᠶᠢ ᠳᠤᠷᠠᠳᠪᠠ᠂ ᠡᠨᠡ ᠨᠢ ᠵᠡᠭᠦᠨ ᠬᠡᠰᠡᠭ ᠤᠨ | ᠠᠶᠢᠮᠠᠭ ᠬᠤᠳᠠ ᠶᠢᠨ ᠭᠤᠣᠯᠳᠠᠯᠭ᠎ᠠ ᠲᠠᠢ ᠠᠮᠢ ᠠᠬᠤᠶ ᠶᠢᠨ ᠣᠷᠣᠨ ᠢ ᠪᠦᠲᠦᠭᠡᠨ ᠪᠠᠶᠢᠭᠤᠯᠬᠤ ᠪᠠ ᠬᠠᠮᠠᠭᠠᠯᠠᠬᠤ ᠶᠢ | ᠪᠦᠲᠦᠮᠵᠢᠲᠡᠶ ᠠᠬᠢᠭᠤᠯᠬᠤ ᠪᠣᠯᠣᠨ᠎ᠠ︔ ᠭᠠᠳᠠᠭᠠᠳᠤ ᠨᠡᠭᠡᠭᠡᠯᠲᠡ ᠶᠢᠨ ᠲᠠᠯ᠎ᠠ ᠪᠠᠷ᠂ ︽ᠰᠠᠨᠠᠯ ᠤᠳ︾ ᠲᠤ ︽ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠪᠠ ᠬᠢᠯᠢ ᠳᠠᠭᠠᠤ ᠶᠢᠨ ᠭᠤᠣᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ︾ ᠶᠢ | ᠳᠤᠷᠠᠳᠪᠠ᠂ ᠡ᠊ᠨᠡ ᠨᠢ ᠮᠠᠨ ᠤ ᠣᠷᠣᠨ ᠤ ᠣᠷᠣᠰ᠂ ᠮᠣᠩᠭᠤᠯ ᠳᠤ ᠨᠡᠭᠡᠭᠡᠯᠳᠡ ᠬᠢᠬᠦ ᠲᠠᠯ᠎ᠠ ᠪᠠᠷ ᠬᠠᠮᠲᠤᠷᠠᠨ | ᠠᠵᠢᠯᠯᠠᠬᠤ ᠳᠤᠮᠳᠠᠬᠢ ᠳᠠᠪᠠᠭᠤᠯᠢᠭ ᠢ ᠨᠡᠩ ᠰᠠᠶᠢᠨ ᠪᠠᠳᠠᠷᠠᠭᠤᠯᠵᠤ᠂ ᠮᠠᠨᠵᠤᠤᠷ᠂ ᠡᠷᠢᠶᠡᠨ ᠬᠤᠳᠠ ᠶᠢᠨ | ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ ᠣᠷᠣᠨ ᠪᠣᠯᠤᠨ ᠬᠥᠯᠥᠨ ᠪᠤᠶᠢᠷ ᠤᠨ | ᠳᠤᠮᠳᠠᠳᠤ ᠤᠷᠤᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ ᠣᠷᠣᠨ ᠵᠡᠷᠭᠡ ᠨᠡᠭᠡᠭᠡᠯᠲᠡ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠣᠨ᠎ᠠ︔ ᠪᠡᠯᠡ ᠣᠷᠣᠭᠤᠯᠤᠯᠲᠠ ᠶᠢᠨ | ᠲᠠᠯ᠎ᠠ ᠪᠠᠷ᠂ ︽ᠰᠠᠨᠠᠯ ᠤᠳ︾ ᠲᠤ ︽ᠡᠬᠢ ᠪᠠᠶᠠᠯᠢᠭ ᠨᠢ ᠬᠤᠮᠣᠰᠲᠠᠭᠰᠠᠨ ᠭᠠᠵᠠᠷ ᠣᠷᠣᠨ ᠪᠣᠯᠤᠨ ᠬᠤᠲᠠ ᠶᠢᠨ | ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ᠂ ᠪᠡᠶ᠎ᠡ ᠪᠠᠨ ᠳᠠᠭᠠᠭᠠᠭᠰᠠᠨ ᠦᠢᠯᠡᠳᠪᠦᠷᠢ | ᠠᠭᠤᠷᠬᠠᠶ ᠶᠢᠨ ᠣᠷᠣᠨ ᠵᠡᠷᠭᠡ ᠬᠦᠴᠢᠷᠳᠡᠯᠲᠡᠶ ᠭᠠᠵᠠᠷ ᠣᠷᠣᠨ ᠳᠤ ᠲᠥᠪ ᠤᠨ ᠪᠡᠯᠡ ᠣᠷᠣᠭᠤᠯᠤᠯᠲᠠ ᠶᠢ | ᠨᠡᠮᠡᠭᠳᠡᠭᠦᠯᠦᠨ ᠳᠡᠮᠵᠢᠬᠦ ᠡᠷᠴᠢᠮ ᠢᠶᠠᠨ ᠴᠢᠩᠭᠠᠷᠠᠭᠤᠯᠬᠤ︾ ᠶᠢ ᠳᠤᠷᠠᠳᠪᠠ᠃ ᠣᠳᠣᠬᠠᠨ ᠳᠤ᠂ ᠮᠠᠨ ᠤ ᠣᠷᠣᠨ ᠤ | ᠷᠠᠰᠢᠶᠠᠨ ᠬᠤᠳᠠ ᠵᠡᠷᠭᠡ 8 ᠣᠷᠣᠨ ᠢ ᠨᠢᠭᠡᠨᠲᠡ ᠤᠯᠤᠰ ᠤᠨ ᠡᠬᠢ ᠪᠠᠶᠠᠯᠢᠭ ᠬᠤᠮᠣᠰᠲᠠᠭᠰᠠᠨ ᠬᠤᠳᠠ ᠶᠢᠨ | ᠰᠢᠯᠵᠢᠭᠦᠯᠦᠨ ᠥᠭᠬᠦ ᠳᠡᠮᠵᠢᠯᠭᠡ ᠦᠵᠡᠭᠦᠯᠬᠦ ᠬᠦᠷᠢᠶ᠎ᠡ ᠬᠡᠪᠴᠢᠶ᠎ᠡ ᠳᠤ ᠣᠷᠣᠭᠤᠯᠵᠤ᠂ ᠤᠯᠠᠭᠠᠨᠬᠠᠳᠠ ᠬᠤᠲᠠ ᠶᠢᠨ | ᠵᠣᠣ ᠤᠳᠠ ᠵᠡᠷᠭᠡ 3 ᠬᠤᠲᠠ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ᠪᠣᠯᠤᠨ | ᠮᠠᠨᠵᠤᠤᠷ ᠤᠨ ᠵᠠᠯᠠᠶᠢᠨᠠᠭᠤᠷ ᠵᠡᠷᠭᠡ 6 ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠣᠷᠣᠨ ᠢ ᠲᠥᠪ ᠤᠨ | ᠲᠥᠰᠦᠪ ᠤᠨ ᠳᠣᠲᠣᠷᠠᠬᠢ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ᠪᠠ | ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠣᠷᠣᠨ ᠤ ᠨᠡᠭᠦᠯᠭᠡᠨ ᠥᠭᠡᠷᠡᠴᠢᠯᠡᠬᠦ ᠳᠡᠮᠵᠢᠯᠭᠡ ᠶᠢᠨ | ᠬᠦᠷᠢᠶ᠎ᠡ ᠬᠡᠪᠴᠢᠶᠡᠨ ᠳᠤ ᠣᠷᠣᠭᠤᠯᠵᠤ᠂ ᠳᠠᠷᠠᠭᠠᠴᠢ ᠶᠢᠨ ᠠᠯᠬᠤᠮ ᠳᠤ ᠳᠡᠭᠡᠷ᠎ᠡ ᠳᠤᠷᠠᠳᠤᠭᠰᠠᠨ ᠭᠠᠵᠠᠷ ᠣᠷᠣᠨ ᠳᠤ | ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠠᠨ ᠤᠯᠤᠰ ᠠᠴᠠ ᠤᠯᠠᠮ ᠨᠢᠭᠡ ᠠᠯᠬᠤᠮ ᠨᠡᠮᠡᠭᠳᠡᠭᠦᠯᠦᠨ᠎ᠡ︔ ᠡᠳ᠋ ᠤᠨ | ᠵᠠᠰᠠᠭ ᠤᠨ ᠲᠠᠯ᠎ᠠ ᠪᠠᠷ᠂ ︽ᠰᠠᠨᠠᠯ ᠤᠳ︾ ᠲᠤ ︽ᠲᠥᠪ ᠤᠨ ᠡᠳ᠋ ᠤᠨ ᠵᠠᠰᠠᠭ ᠠᠴᠠ ᠵᠡᠭᠦᠨ ᠬᠤᠶᠢᠲᠤ ᠣᠷᠣᠨ ᠳᠤ | ᠡᠩ ᠤᠨ ᠴᠢᠨᠠᠷᠲᠠᠶ ᠰᠢᠯᠵᠢᠭᠦᠯᠦᠨ ᠥᠭᠬᠦ ᠪᠠ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ᠂ ᠠᠵᠢᠯ ᠣᠯᠭᠤᠯᠲᠠ | ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠬᠦᠷᠢᠶ᠎ᠡ ᠬᠡᠪᠴᠢᠶᠡᠨ ᠳᠠᠬᠢ ᠳᠡᠮᠵᠢᠬᠦ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠬᠤ ᠬᠡᠷᠡᠭᠲᠡᠢ︾ ᠭᠡᠵᠦ ᠳᠤᠷᠠᠳᠪᠠ᠂ ᠡ᠊ᠨᠡ ᠨᠢ ᠵᠡᠭᠦᠨ ᠬᠡᠰᠡᠭ ᠤᠨ ᠠᠶᠢᠮᠠᠭ ᠬᠤᠳᠠ | ᠶᠢᠨ ᠳᠤᠲᠠᠮᠠᠭ ᠲᠠᠯ᠎ᠠ ᠪᠠᠨ ᠨᠥᠬᠦᠪᠦᠷᠢᠯᠡᠵᠦ᠂ ᠨᠡᠶᠢᠭᠡᠮ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ︔ ᠴᠢᠬᠤᠯᠠ ᠶᠡᠭᠡ ᠲᠥᠷᠥᠯ ᠵᠦᠢᠯ ᠤᠨ ᠲᠠᠯ᠎ᠠ ᠪᠠᠷ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠰᠠᠨᠠᠯ ᠤᠳ︾ ᠢ ᠨᠠᠶᠢᠳᠠᠪᠤᠷᠢᠵᠢᠭᠤᠯᠬᠤ ᠲᠣᠭᠤᠷᠢᠨ | ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠲᠥᠷᠥᠯ ᠵᠦᠢᠯ ᠤᠨ ᠭᠤᠷᠪᠠᠨ ᠵᠢᠯ | ᠥᠩᠬᠡᠷᠡᠭᠦᠯᠦᠨ ᠬᠡᠷᠡᠭᠯᠡᠬᠦ ᠲᠥᠯᠥᠪᠯᠡᠭᠡ ᠶᠢ ᠶᠠᠭ ᠲᠣᠭᠲᠠᠭᠠᠵᠤ ᠪᠤᠢ᠂ ᠮᠠᠨ ᠤ ᠵᠥᠪᠯᠡᠯ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠢᠳᠡᠪᠬᠢᠲᠡᠢ ᠵᠣᠯᠭᠠᠯᠳᠤᠵᠤ ᠵᠡᠭᠦᠨ ᠬᠡᠰᠡᠭ ᠤᠨ ᠠᠶᠢᠮᠠᠭ | ᠬᠤᠳᠠ ᠶᠢᠨ ᠪᠦᠬᠦ ᠲᠠᠯ᠎ᠠ ᠶᠢᠨ ᠬᠥᠭᠵᠢᠯᠲᠡ ᠳᠤ ᠲᠤᠶᠢᠯ ᠤᠨ ᠴᠢᠬᠤᠯᠠ ᠪᠦᠭᠡᠳ ᠤᠢᠢᠷ᠎ᠠ ᠶᠢᠨ ᠭᠤᠷᠪᠠᠨ ᠵᠢᠯ ᠳᠤ | ᠪᠡᠶᠡᠯᠡᠭᠦᠯᠵᠦ ᠴᠢᠳᠠᠬᠤ ᠴᠢᠬᠤᠯᠠ ᠶᠡᠭᠡ ᠲᠥᠷᠥᠯ ᠵᠦᠢᠯ ᠢ ᠤᠯᠤᠰ ᠤᠨ ᠭᠤᠷᠪᠠᠨ ᠵᠢᠯ ᠥᠩᠬᠡᠷᠡᠭᠦᠯᠦᠨ ᠬᠡᠷᠡᠭᠯᠡᠬᠦ | ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠵᠤ᠂ ᠤᠯᠤᠰ ᠠᠴᠠ ᠵᠡᠭᠦᠨ ᠬᠡᠰᠡᠭ ᠤᠨ ᠠᠶᠢᠮᠠᠭ ᠬᠤᠳᠠ ᠶᠢᠨ ᠴᠢᠬᠤᠯᠠ | ᠶᠡᠭᠡ ᠲᠥᠷᠥᠯ ᠵᠦᠢᠯ ᠳᠤ ᠳᠡᠮᠵᠢᠯᠭᠡ ᠦᠵᠡᠭᠦᠯᠬᠦ ᠶᠢ ᠲᠡᠮᠡᠴᠡᠨ ᠣᠯᠬᠤ ᠪᠠᠷ ᠴᠢᠷᠮᠠᠶᠢᠨ᠎ᠠ᠃ | ᠬᠥᠲᠥᠯᠥᠭᠴᠢ᠄ | ︽ᠰᠠᠨᠠᠯ ᠤᠳ︾ ᠤᠨ ᠨᠡᠶᠢᠲᠡᠯᠡᠭᠳᠡᠭᠰᠡᠨ ᠨᠢ᠂ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠨᠢᠭᠡ ᠤᠳᠠᠭ᠎ᠠ ᠶᠢᠨ ᠴᠢᠬᠤᠯᠠ ᠠᠵᠠ ᠲᠣᠬᠢᠶᠠᠯ ᠣᠯᠭᠤᠪᠠ᠃ ᠥᠪᠡᠷᠲᠡᠭᠡᠨ ᠵᠠᠰᠠᠬᠤ | ᠣᠷᠣᠨ ︽ᠰᠠᠨᠠᠯ ᠤᠳ︾ ᠢ ᠨᠠᠶᠢᠳᠠᠪᠤᠷᠢᠵᠢᠭᠤᠯᠬᠤ ᠲᠣᠭᠤᠷᠢᠨ ᠳᠤ ᠶᠠᠮᠠᠷ ᠶᠠᠮᠠᠷ ᠪᠣᠳᠠᠲᠠᠶ ᠠᠵᠢᠯ ᠢ ᠥᠷᠨᠢᠭᠦᠯᠵᠦ | ᠪᠠᠶᠢᠬᠤ ᠪᠤᠢ︖ ᠳᠠᠷᠠᠭᠠᠴᠢ ᠶᠢᠨ ᠠᠯᠬᠤᠮ ᠳᠤ ᠠᠯᠢ ᠠᠯᠢ ᠲᠠᠯ᠎ᠠ ᠪᠠᠷ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠨ | ᠠᠬᠢᠭᠤᠯᠬᠤ ᠪᠤᠢ︖ | ᠸᠧᠨ ᠮᠢᠩ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠠᠨᠠᠯ ᠤᠳ︾ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ | ᠵᠠᠰᠠᠬᠤ ᠣᠷᠣᠨ ᠤ ᠭᠤᠣᠯ ᠤᠳᠤᠷᠢᠳᠤᠯᠭ᠎ᠠ ︽ᠰᠠᠨᠠᠯ ᠤᠳ︾ ᠤᠨ ᠵᠣᠷᠢᠭ ᠰᠠᠨᠠᠭ᠎ᠠ ᠶᠢ ᠰᠠᠶᠢᠲᠤᠷ | ᠨᠠᠶᠢᠳᠠᠪᠤᠷᠢᠵᠢᠭᠤᠯᠬᠤ ᠲᠣᠬᠠᠢ ᠴᠢᠬᠤᠯᠠ ᠴᠣᠬᠤᠯᠠᠪᠤᠷᠢ ᠥᠭᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ | ︽ᠰᠠᠨᠠᠯ ᠤᠳ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ᠪᠣᠯᠣᠨ ᠭᠤᠣᠯᠳᠠᠯᠭ᠎ᠠ ᠲᠠᠢ | ᠡᠭᠦᠷᠭᠡ ᠪᠦᠬᠦᠢ ᠰᠠᠯᠠᠭ᠎ᠠ ᠮᠦᠴᠢᠷ ᠶᠢ ᠠᠵᠢᠯ ᠤᠨ ᠬᠤᠪᠢᠶᠠᠷᠢᠯᠠᠯ ᠤᠨ ᠲᠥᠰᠦᠯ ᠢ ᠶᠠᠭ ᠱᠠᠯᠠᠪᠳᠠᠨ ᠰᠤᠳᠤᠯᠤᠨ | ᠲᠣᠭᠲᠠᠭᠠᠵᠤ ᠪᠠᠶᠢᠨ᠎ᠠ᠃ | ︽ᠰᠠᠨᠠᠯ ᠤᠳ︾ ᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠤᠯᠤᠰ ᠲᠦᠷᠦ ᠶᠢᠨ ᠴᠢᠬᠤᠯᠠ | ᠡᠭᠦᠷᠭᠡ ᠮᠥᠨ᠂ ᠪᠠᠰᠠ ᠴᠤ ᠬᠥᠭᠵᠢᠯᠲᠡ ᠶᠢᠨ ᠴᠢᠬᠤᠯᠠ ᠶᠡᠭᠡ ᠠᠵᠠ ᠲᠣᠬᠢᠶᠠᠯ ᠪᠣᠯᠣᠨ᠎ᠠ᠃ ᠳᠠᠷᠠᠭᠠᠴᠢ ᠶᠢᠨ | ᠠᠯᠬᠤᠮ ᠳᠤ᠂ ᠮᠠᠨ ᠤ ᠣᠷᠣᠨ ᠲᠤᠰ ᠪᠡᠶ᠎ᠡ ᠶᠢᠨ ᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠷᠣᠨ | ᠪᠠᠶᠢᠷᠢ ᠪᠠᠨ ᠣᠨᠣᠪᠴᠢᠲᠠᠶ ᠡᠷᠢᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ︽ ᠰᠠᠨᠠᠯ ᠤᠳ︾ ᠤᠨ ᠡᠯ᠎ᠡ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠥᠬᠦ ᠬᠦᠴᠦᠨ ᠢᠶᠠᠷ ᠢᠶᠠᠨ ᠲᠥᠯᠬᠢᠨ ᠠᠬᠢᠭᠤᠯᠵᠤ | ᠨᠠᠶᠢᠳᠠᠪᠤᠷᠢᠵᠢᠭᠤᠯᠤᠨ᠎ᠠ᠃ ᠪᠠᠶᠢᠭᠤᠯᠤᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠤᠯᠤᠰ ᠤᠨ ᠦᠮᠴᠢᠯᠡᠯᠲᠦ ᠡᠳ᠋ ᠬᠥᠷᠥᠩᠭᠡ ᠪᠣᠯᠣᠨ | ᠤᠯᠤᠰ ᠤᠨ ᠦᠮᠴᠢᠯᠡᠯᠲᠦ ᠠᠵᠤ ᠠᠬᠤᠶᠢᠯᠠᠯ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭᠠᠨ ᠤ ᠤᠯᠤᠰ ᠤᠨ ᠦᠮᠴᠢᠯᠡᠯᠲᠦ | ᠭᠤᠣᠯᠳᠠᠯᠭ᠎ᠠ ᠲᠠᠢ ᠰᠢᠭᠤᠶᠢᠲᠤ ᠣᠷᠣᠨ ᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠬᠤᠳᠠ ᠶᠢᠨ ᠰᠠᠭᠤᠷᠢ ᠪᠡᠯᠡᠳᠬᠡᠮᠵᠢ ᠶᠢᠨ | ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠵᠠᠰᠠᠯᠲᠠ ᠵᠡᠷᠭᠡ ᠬᠦᠷᠢᠶᠡᠨ ᠳᠤ ᠵᠠᠰᠠᠭ ᠤᠨ ᠣᠷᠳᠣᠨ ᠬᠢᠭᠡᠳ | ᠨᠡᠶᠢᠭᠡᠮ ᠤᠨ ᠬᠦᠷᠦᠩᠭᠡ ᠶᠢ ᠬᠤᠷᠰᠢᠭᠤᠯᠬᠤ ᠵᠠᠭᠪᠤᠷᠰᠢᠯ ᠢ ᠳᠡᠯᠭᠡᠷᠡᠭᠦᠯᠦᠨ᠎ᠡ᠃ ᠠᠵᠤ ᠦᠢᠯᠡᠰ ᠤᠨ | ᠬᠥᠭᠵᠢᠯᠲᠡ ᠶᠢᠨ ᠲᠡᠰ ᠳᠠᠪᠬᠤᠷᠭ᠎ᠠ ᠶᠢ ᠲᠥᠷᠭᠡᠨ ᠳᠡᠭᠡᠭᠰᠢᠯᠡᠭᠦᠯᠦᠨ᠎ᠡ᠃ ᠠᠵᠤ ᠦᠢᠯᠡᠰ ᠢ ᠰᠢᠯᠢᠳᠡᠭᠵᠢᠭᠦᠯᠦᠨ ᠲᠡᠰ | ᠳᠡᠪᠰᠢᠭᠦᠯᠬᠦ ᠶᠢ ᠲᠥᠷᠭᠡᠳᠬᠡᠵᠦ᠂ ᠵᠡᠭᠦᠨ ᠬᠡᠰᠡᠭ ᠤᠨ ᠠᠶᠢᠮᠠᠭ ᠬᠤᠳᠠ ᠶᠢ ᠮᠠᠨ ᠤ ᠤᠯᠤᠰ ᠤᠨ ᠴᠡᠪᠡᠷ ᠡᠨᠧᠷᠭᠢ | ᠭᠠᠷᠭᠠᠬᠤ ᠴᠢᠬᠤᠯᠠ ᠰᠠᠭᠤᠷᠢᠨ ᠭᠠᠵᠠᠷ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠥᠩᠭᠡᠲᠦ ᠲᠡᠮᠦᠷᠯᠢᠭ ᠦᠢᠯᠡᠳᠪᠦᠷᠢᠯᠡᠵᠦ | ᠪᠣᠯᠪᠠᠰᠤᠷᠠᠭᠤᠯᠬᠤ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠪᠣᠬᠢᠷᠲᠤᠯ ᠦᠭᠡᠶ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ | ᠭᠠᠵᠠᠷ᠂ ᠲᠠᠯ᠎ᠠ ᠨᠤᠲᠤᠭ ᠤᠨ ᠰᠣᠶᠣᠯ ᠤᠨ ᠤᠮᠠᠷᠠᠲᠤ ᠬᠢᠯᠢ ᠶᠢᠨ ᠥᠪᠡᠷᠮᠢᠴᠡ ᠣᠨᠴᠠᠯᠢᠭ ᠢ ᠬᠠᠷᠠᠭᠤᠯᠤᠭᠰᠠᠨ | ᠵᠤᠭᠠᠴᠠᠨ ᠲᠣᠭᠤᠷᠢᠵᠤ ᠰᠡᠯᠡᠭᠦᠴᠡᠨ ᠠᠮᠠᠷᠠᠬᠤ ᠰᠠᠭᠤᠷᠢᠨ ᠭᠠᠵᠠᠷ ᠪᠣᠯᠭᠠᠨ ᠴᠣᠭᠴᠠᠯᠠᠨ᠎ᠠ᠃ ︽ᠭᠤᠷᠪᠠ ᠶᠢ | ᠦᠭᠡᠶᠢᠰᠭᠡᠵᠦ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠥᠷᠢᠯᠡᠬᠦ︾ ᠲᠠᠪᠤᠨ ᠶᠡᠭᠡ ᠭᠤᠣᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠵᠤ᠂ ᠤᠯᠠᠮᠵᠢᠯᠠᠯᠲᠤ ᠠᠵᠤ ᠦᠢᠯᠡᠰ ᠢ ᠶᠡᠬᠡᠪᠡᠷ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠶ ᠪᠠᠷ ᠪᠤᠶᠢᠵᠢᠭᠤᠯᠵᠤ᠂ | ᠵᠢᠭᠤᠯᠴᠢᠯᠠᠯ᠂ ᠮᠥᠩᠭᠦᠨ ᠭᠦᠢᠯᠭᠡᠭᠡᠨ᠂ ᠡᠳ᠋ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ ᠵᠡᠷᠭᠡ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠲᠥᠷᠭᠡᠨ ᠬᠦᠭᠵᠢᠭᠦᠯᠦᠨ᠎ᠡ᠃ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠶᠢ | ᠬᠦᠴᠦᠲᠡᠢ ᠳᠡᠮᠵᠢᠨ᠎ᠡ᠃ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠳᠤ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠮᠧᠬᠠᠨᠢᠭ᠂ ᠤᠳᠦ ᠦᠶ᠎ᠡ ᠶᠢᠨ ᠮᠣᠩᠭᠤᠯ ᠡᠮ ᠡᠮᠨᠡᠯᠭᠡ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠡᠷᠭᠡ | ᠬᠦᠷᠢᠶᠡᠨ ᠳᠤ᠂ ᠨᠢᠭᠡ ᠪᠦᠯᠦᠭ ᠭᠤᠣᠯᠳᠠᠯᠭ᠎ᠠ ᠲᠠᠢ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ ᠪᠦᠲᠦᠭᠡᠨ | ᠪᠠᠶᠢᠭᠤᠯᠤᠨ᠎ᠠ᠃ ᠬᠥᠯᠥᠨ ᠪᠤᠶᠢᠷ ᠬᠤᠳᠠ᠂ ᠲᠦᠩᠯᠢᠶᠣᠤ ᠬᠤᠳᠠ᠂ ᠤᠯᠠᠭᠠᠨᠬᠠᠳᠠ ᠬᠤᠲᠠ ᠳᠤ ᠵᠡᠭᠦᠨ ᠬᠤᠶᠢᠲᠤ | ᠣᠷᠣᠨ ᠤ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠬᠤ ᠤᠷ᠎ᠠ ᠮᠡᠷᠭᠡᠵᠢᠯᠲᠡᠶ ᠴᠢᠳᠠᠪᠤᠷᠢᠲᠠᠨ ᠢ ᠬᠤᠣᠰ ᠡᠰᠢᠵᠢᠭᠦᠯᠦᠨ ᠪᠣᠶᠢᠵᠢᠭᠤᠯᠬᠤ ᠥᠭᠡᠷᠡᠴᠢᠯᠡᠯᠲᠡ ᠶᠢᠨ | ᠲᠤᠷᠰᠢᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠵᠡᠭᠦᠨ ᠬᠡᠰᠡᠭ ᠤᠨ ᠠᠶᠢᠮᠠᠭ ᠬᠤᠳᠠ ᠶᠢᠨ ᠠᠵᠤ ᠦᠢᠯᠡᠰ ᠤᠨ | ᠬᠥᠭᠵᠢᠯᠲᠡ ᠳᠤ ᠴᠢᠳᠠᠪᠤᠷᠢᠲᠠᠨ ᠤ ᠲᠦᠰᠢᠭ ᠲᠤᠯᠭᠠᠭᠤᠷᠢ ᠣᠯᠭᠤᠵᠤ ᠥᠭᠭᠦᠨ᠎ᠡ᠃ ᠠᠮᠢ ᠠᠬᠤᠶ ᠶᠢᠨ ᠪᠥᠳᠥᠭᠡᠨ | ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠶᠡᠭᠡ ᠬᠢᠩᠭᠠᠨ ᠳᠠᠪᠠᠭᠠᠨ ᠤ ᠰᠢᠭᠤᠶᠢᠲᠤ ᠣᠷᠣᠨ ᠤ ᠠᠮᠢ | ᠠᠬᠤᠶ ᠶᠢᠨ ᠬᠠᠮᠠᠭᠠᠯᠠᠯᠲᠠ ᠪᠣᠯᠤᠨ ᠬᠥᠯᠥᠨ ᠪᠤᠶᠢᠷ᠂ ᠰᠢᠯᠢ ᠶᠢᠨ ᠭᠤᠣᠯ ᠵᠡᠷᠭᠡ ᠭᠤᠣᠯᠳᠠᠯᠭ᠎ᠠ ᠲᠠᠢ ᠨᠤᠲᠤᠭ | ᠪᠡᠯᠴᠢᠭᠡᠷ ᠤᠨ ᠬᠠᠮᠠᠭᠠᠯᠠᠯᠲᠠ ᠶᠢ ᠥᠷᠭᠦᠯᠵᠢᠯᠡᠨ ᠲᠦᠯᠬᠢᠨ ᠠᠬᠢᠭᠤᠯᠵᠤ᠂ ᠬᠥᠯᠥᠨ ᠨᠠᠭᠤᠷ ᠤᠨ ᠰᠠᠪᠠ ᠭᠠᠵᠠᠷ ᠤᠨ | ᠠᠮᠢ ᠠᠬᠤᠶ ᠪᠣᠯᠣᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠢᠳᠡᠪᠬᠢᠲᠡᠢ ᠦᠷᠨᠢᠭᠦᠯᠵᠦ᠂ | ᠡᠬᠡ ᠤᠯᠤᠰ ᠤᠨ ᠤᠮᠠᠷᠠᠲᠤ ᠣᠷᠣᠨ ᠤ ᠠᠮᠢ ᠠᠬᠤᠶ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ | ᠪᠠᠶᠢᠭᠤᠯᠤᠨ᠎ᠠ᠃ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠪᠠ ᠳᠣᠲᠣᠭᠠᠳᠤ ᠳᠠᠭᠠᠨ ᠬᠠᠮᠲᠤᠷᠠᠯᠴᠠᠬᠤ ᠶᠢ ᠤᠯᠠᠮ | ᠨᠢᠭᠡ ᠠᠯᠬᠤᠮ ᠴᠢᠩᠭᠠᠳᠬᠠᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠲᠠᠢ | ᠢᠳᠡᠪᠬᠢᠲᠡᠶ ᠠᠭᠤᠰᠤᠯᠴᠠᠵᠤ᠂ ᠣᠷᠣᠰ ᠮᠣᠩᠭᠤᠯ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠰᠠᠭᠤᠷᠢ | ᠪᠡᠯᠡᠳᠬᠡᠮᠵᠢ ᠶᠢᠨ ᠲᠠᠯ᠎ᠠ ᠪᠠᠷ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠮᠠᠨᠵᠤᠤᠷ᠂ | ᠡᠷᠢᠶᠡᠨ ᠬᠤᠳᠠ ᠶᠢᠨ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠲᠤᠷᠰᠢᠯᠲᠠ ᠶᠢᠨ | ᠣᠷᠣᠨ ᠪᠣᠯᠤᠨ ᠬᠥᠯᠥᠨ ᠪᠣᠶᠢᠷ ᠤᠨ ᠳᠤᠮᠳᠠᠳᠤ ᠤᠷᠤᠰ ᠮᠣᠩᠭᠤᠯ ᠤᠨ ᠬᠠᠮᠲᠤᠷᠠᠨ ᠠᠵᠢᠯᠯᠠᠬᠤ ᠬᠤᠰᠢᠭᠤᠴᠢ | ᠣᠷᠣᠨ ᠤ ᠪᠦᠳᠦᠬᠡᠨ ᠪᠠᠶᠢᠭᠤᠯᠤᠯᠲᠠ ᠶᠢ ᠲᠥᠷᠭᠡᠳᠬᠡᠵᠦ᠂ ᠣᠯᠠᠨ ᠤᠯᠤᠰ ᠤᠨ ᠬᠤᠭᠤᠷᠣᠨᠳᠣᠬᠢ ᠦᠢᠯᠡᠳᠪᠦᠷᠢᠯᠡᠬᠦ | ᠴᠢᠳᠠᠪᠤᠷᠢ ᠶᠢᠨ ᠬᠠᠮᠲᠤᠷᠠᠯᠴᠠᠭ᠎ᠠ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠵᠡᠭᠦᠨ ᠬᠤᠶᠢᠲᠤ ᠶᠢᠨ ᠭᠤᠷᠪᠠᠨ | ᠮᠤᠵᠢ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠤᠯᠠᠮ ᠴᠢᠨᠠᠭᠰᠢᠳᠠ ᠪᠦᠷᠢᠨᠰᠢᠭᠦᠯᠵᠦ᠂ ᠵᠡᠭᠦᠨ ᠬᠡᠰᠡᠭ ᠤᠨ | ᠠᠶᠢᠮᠠᠭ ᠬᠤᠲᠠ ᠪᠣᠯᠣᠨ ᠪᠡᠭᠡᠵᠢᠩ ᠲᠢᠶᠠᠨᠵᠢᠨ ᠡᠾᠧᠪᠸᠢ ᠶᠢᠨ ᠠᠵᠤ ᠠᠬᠤᠶ ᠶᠢᠨ ᠣᠷᠣᠨ ᠤ ᠨᠡᠶᠢᠯᠡᠯ | ᠬᠥᠭᠵᠢᠯᠲᠡ ᠶᠢ ᠲᠦᠯᠬᠢᠨ ᠠᠬᠢᠭᠤᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠪᠬᠢ ᠶᠢᠨ ᠰᠢᠯᠵᠢᠯᠲᠡ ᠶᠢ | ᠰᠠᠨᠠᠭᠠᠴᠢᠯᠠᠭ᠎ᠠ ᠠᠴᠠ ᠪᠠᠨ ᠳᠠᠭᠠᠭᠠᠴᠢᠯᠠᠨ ᠠᠪᠤᠨ᠎ᠠ᠃ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ | ᠰᠠᠶᠢᠵᠢᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠳᠥᠭᠦᠮ ᠪᠦᠳᠦᠭᠦᠯᠢᠭ ᠣᠷᠣᠨ | ᠰᠠᠭᠤᠴᠠᠳᠤ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ᠂ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ | ᠬᠠᠭᠤᠴᠢᠨ ᠲᠣᠭᠤᠷᠢᠭ ᠪᠣᠯᠣᠨ ᠪᠡᠶ᠎ᠡ ᠪᠠᠨ ᠳᠠᠭᠠᠭᠠᠭᠰᠠᠨ ᠦᠢᠯᠡᠳᠪᠦᠷᠢ ᠠᠭᠤᠷᠬᠠᠶ ᠶᠢᠨ ᠲᠣᠭᠤᠷᠢᠭ ᠢ ᠨᠡᠭᠦᠯᠭᠡᠵᠦ | ᠥᠭᠡᠷᠡᠴᠢᠯᠡᠨ ᠰᠠᠶᠢᠵᠢᠷᠠᠭᠤᠯᠬᠤ᠂ ᠨᠡᠭᠦᠷᠡᠰᠦ ᠮᠠᠯᠲᠠᠭᠠᠳ ᠬᠤᠲᠤᠶᠢᠭᠰᠠᠨ ᠣᠷᠣᠨ ᠢ ᠶᠡᠷᠦᠩᠬᠡᠶᠢᠯᠡᠨ ᠵᠠᠰᠠᠬᠤ ᠵᠡᠷᠭᠡ | ᠠᠷᠠᠳ ᠤᠨ ᠠᠮᠢᠳᠤᠷᠠᠯ ᠤᠨ ᠢᠨᠵᠧᠨᠧᠷᠢᠩ ᠢ ᠥᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ᠮᠠᠯᠵᠢᠬᠤ ᠲᠠᠷᠢᠶᠠᠯᠠᠬᠤ | ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠥᠷᠭᠦᠯᠵᠢᠯᠡᠨ ᠲᠦᠯᠬᠢᠨ ᠠᠬᠢᠭᠤᠯᠤᠨ᠎ᠠ᠃ | ᠥᠪᠥᠷ ᠮᠣᠩᠭᠤᠯ ᠪᠣᠯ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ | ᠪᠦᠷᠢᠯᠳᠦᠬᠦᠨ ᠬᠡᠰᠡᠭ ᠨᠢ ᠪᠣᠯᠣᠨ᠎ᠠ᠃ ᠪᠢᠳᠠᠨᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠠᠵᠠ | ᠲᠣᠬᠢᠶᠠᠯ ᠢ ᠠᠮᠵᠢᠨ ᠠᠳᠬᠤᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭ ᠵᠣᠯᠪᠣᠭ᠎ᠠ ᠲᠠᠢ ᠴᠢᠷᠮᠠᠢᠨ | ᠤᠷᠤᠭᠰᠢᠯᠠᠵᠤ᠂ ᠯᠠᠪᠳᠠᠭᠤᠨ ᠪᠠᠲᠤᠲᠠᠶ ᠠᠵᠢᠯᠯᠠᠨ᠂ ᠥᠪᠥᠷ ᠮᠣᠩᠭᠤᠯ ᠢᠶᠠᠨ ᠮᠠᠨᠳᠤᠭᠤᠯᠤᠨ ᠬᠥᠭᠵᠢᠭᠦᠯᠬᠦ ᠰᠢᠨ᠎ᠡ | ᠪᠠᠶᠢᠳᠠᠯ ᠢ ᠲᠠᠰᠣᠷᠠᠯᠲᠠ ᠣᠢᠭᠡᠢ ᠨᠡᠭᠡᠭᠡᠨ ᠴᠣᠭᠴᠠᠯᠠᠵᠤ᠂ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ ᠶᠢᠨ | ᠬᠠᠭᠤᠴᠢᠨ ᠰᠠᠭᠤᠷᠢᠨ ᠭᠠᠵᠠᠷ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠨᠡᠩ ᠶᠡᠭᠡ ᠰᠢᠨ᠎ᠡ ᠬᠤᠪᠢ | ᠨᠡᠮᠡᠷᠢ ᠪᠠᠨ ᠦᠵᠡᠭᠦᠯᠦᠨ᠎ᠡ᠃ | ᠬᠥᠲᠥᠯᠥᠭᠴᠢ᠄ | ᠵᠠ᠂ ᠸᠧᠨ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠦᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ | ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠤ | ᠫᠷᠤᠭ᠍ᠷᠠᠮ ᠳᠤ ᠪᠠᠶᠠᠷᠲᠠᠶᠢᠬᠠᠨ ᠵᠣᠯᠭᠠᠶ᠎ᠠ︕ | |