ᠪᠡᠭᠡᠵᠢᠩ ᠥᠪᠥᠷ ᠮᠣᠩᠭᠤᠯ ᠤᠨ ᠡᠪ ᠬᠠᠮᠲᠤ ᠵᠠᠯᠠᠭᠤᠴᠤᠳ ᠤᠨ ᠡᠪᠯᠡᠯ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ  ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠠᠮᠲᠤᠪᠠᠷ ᠳᠡᠮᠵᠢᠬᠦ ᠪᠠᠷ ᠪᠣᠯᠪᠠ
ᠨᠡᠶᠢᠲᠡᠯᠡᠭᠰᠡᠨ ᠴᠠᠭ᠄
2016/8/3
         ᠣᠶᠢᠷ᠎ᠠ ᠳᠤ᠂ ᠪᠡᠭᠡᠵᠢᠩ ᠥᠪᠥᠷ ᠮᠣᠩᠭᠤᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠠᠯᠠᠭᠤ ᠨᠠᠰᠤᠨ ᠤ ᠵᠢᠳᠬᠦᠯ ᠦᠵᠡᠭᠦᠯᠬᠦ ᠠᠵᠢᠯᠯᠠᠭ᠎ᠠ ᠶᠢᠨ ᠰᠢᠰᠲ᠋ᠧᠮ ᠢᠶᠠᠷ ᠎ ᠢᠶᠠᠨ ᠳᠡᠮᠵᠢᠬᠦ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠱᠦᠵᠢ ᠴᠠᠩ ᠴᠢᠩ᠂ ᠪᠡᠭᠡᠵᠢᠩ ᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠳᠡᠳ᠋ ᠱᠦᠵᠢ ᠰᠢᠶᠦᠩ ᠵᠦᠸᠧ᠂ ᠸᠠᠩ ᠬᠤᠩ ᠲᠣᠣ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠭᠡᠭᠡᠨᠲᠤᠶᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠨᠡᠶᠢᠭᠡᠮ ᠤᠨ ᠶᠠᠳᠠᠭᠤ ᠶᠢ ᠲᠡᠳᠬᠦᠬᠦ ᠭᠠᠵᠠᠷ ᠤᠨ ᠳᠠᠷᠤᠭ᠎ᠠ ᠭᠤᠤ ᠬᠤᠩ ᠸᠧᠢ ᠪᠣᠯᠣᠨ ᠪᠡᠭᠡᠵᠢᠩ ᠬᠤᠳᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠡᠯ᠎ᠡ ᠬᠡᠯᠲᠡᠰ ᠤᠨ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠲᠤᠭᠤᠷᠢᠭ ᠤᠨ ᠡᠪᠯᠡᠯ ᠤᠨ ᠬᠤᠷᠢᠶ᠎ᠠ ᠶᠢᠨ ᠱᠦᠵᠢ᠂ ᠵᠠᠯᠠᠭᠤ ᠠᠵᠤ ᠠᠬᠤᠶᠢᠯᠠᠯᠲᠠᠳ ᠤᠨ ᠲᠥᠯᠥᠭᠡᠯᠡᠭᠴᠢᠳ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠡᠯ᠎ᠡ ᠬᠡᠯᠲᠡᠰ ᠤᠨ ᠠᠯᠪᠠᠨ ᠭᠡᠷ ᠤᠨ ᠬᠠᠷᠢᠭᠤᠴᠠᠯᠭᠠᠲᠠᠨ᠂ ᠬᠡᠰᠡᠭ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠶᠢᠨ ᠱᠦᠵᠢ ᠵᠡᠷᠭᠡ 60 ᠭᠠᠷᠤᠶ ᠬᠥᠮᠦᠨ ᠬᠤᠷᠠᠯ ᠳᠤ ᠣᠷᠣᠯᠴᠠᠵᠠᠶ᠃     ᠬᠤᠷᠠᠯ ᠳᠤ᠂ ᠭᠤᠤ ᠬᠤᠩ ᠸᠧᠢ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠲᠠᠨᠢᠯᠴᠠᠭᠤᠯᠵᠤ᠂ ᠸᠠᠩ ᠬᠤᠩ ᠲᠣᠣ ᠪᠡᠭᠡᠵᠢᠩ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠶᠠᠳᠠᠭᠤ ᠶᠢ ᠲᠡᠳᠬᠦᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ︔ ᠬᠤᠰᠢᠭᠤ ᠰᠢᠶᠠᠨ ᠲᠣᠭᠤᠷᠢᠭ ᠤᠨ ᠡᠪᠯᠡᠯ ᠤᠨ ᠬᠤᠷᠢᠶ᠎ᠠ ᠶᠢᠨ ᠱᠦᠵᠢ ᠶᠢᠨ ᠲᠥᠯᠥᠭᠡᠯᠡᠭᠴᠢ ᠵᠢᠴᠢ ᠵᠠᠯᠠᠭᠤ ᠠᠵᠤ ᠠᠬᠤᠶᠢᠯᠠᠯᠲᠠᠳ ᠤᠨ ᠲᠥᠯᠥᠭᠡᠯᠡᠭᠴᠢ ᠲᠤᠰ ᠲᠤᠰ ᠶᠠᠷᠢᠶ᠎ᠠ ᠲᠠᠯᠪᠢᠪᠠ᠃ ᠪᠡᠭᠡᠵᠢᠩ ᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ︽ᠪᠡᠭᠡᠵᠢᠩ ᠥᠪᠥᠷ ᠮᠣᠩᠭᠤᠯ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠠᠯᠠᠭᠤ ᠨᠠᠰᠤᠨ ᠤ ᠵᠢᠳᠬᠦᠯ ᠦᠵᠡᠭᠦᠯᠬᠦ ᠠᠵᠢᠯᠯᠠᠭ᠎ᠠ ᠶᠢᠨ ᠰᠢᠰᠲ᠋ᠧᠮ ᠢᠶᠠᠷ ᠢᠶᠠᠨ ᠳᠡᠮᠵᠢᠬᠦ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠬᠠᠮᠲᠤ ᠪᠠᠷ ᠭᠠᠷ ᠤᠨ ᠦᠰᠦᠭ ᠵᠢᠷᠤᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ 17 ᠬᠤᠰᠢᠭᠤ ᠰᠢᠶᠠᠨ ᠲᠣᠭᠤᠷᠢᠭ ︽ᠰᠢᠰᠲ᠋ᠧᠮ ᠢᠶᠠᠷ ᠢᠶᠠᠨ ᠳᠡᠮᠵᠢᠬᠦ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠲᠤᠰ ᠲᠤᠰ ᠭᠠᠷ ᠤᠨ ᠦᠰᠦᠭ ᠵᠢᠷᠤᠵᠤ᠂ ᠪᠣᠳᠠᠲᠠᠶ ᠬᠠᠪᠰᠤᠷᠤᠨ ᠲᠡᠳᠬᠦᠬᠦ ᠲᠥᠷᠥᠯ ᠵᠦᠢᠯ᠂ ᠬᠡᠮᠵᠢᠶᠡᠯᠡᠭᠰᠡᠨ ᠭᠦᠢᠴᠡᠳᠬᠡᠬᠦ ᠲᠤᠭ᠎ᠠ᠂ ᠬᠡᠷᠡᠭᠵᠢᠭᠦᠯᠬᠦ ᠠᠷᠭ᠎ᠠ ᠵᠡᠷᠭᠡ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ ᠪᠡᠭᠡᠵᠢᠩ ᠬᠤᠲᠠ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠳᠬᠦᠬᠦ ᠠᠵᠢᠯ ᠢ ᠡᠬᠢᠯᠡᠭᠦᠯᠬᠦ ᠳᠤ 20 ᠲᠦᠮᠡᠨ ᠲᠥᠭᠦᠷᠢᠭ ᠤᠨ ᠪᠡᠯᠡ ᠮᠥᠩᠭᠦ ᠪᠡᠯᠡᠭᠯᠡᠪᠡ᠃      ᠬᠤᠷᠠᠯᠳᠤᠭᠠᠨ ᠤ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠ ᠵᠠᠯᠠᠭᠤ ᠠᠵᠤ ᠠᠬᠤᠶᠢᠯᠠᠯᠲᠠᠤᠨ ᠤᠯᠠᠭᠠᠨᠴᠠᠪ ᠬᠤᠳᠠ᠂ ᠬᠥᠬᠡᠬᠤᠲᠠ ᠳᠤ 2 ᠡᠳᠦᠷ ᠤᠨ ᠬᠤᠭᠤᠴᠠᠭ᠎ᠠ ᠲᠠᠢ ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠪᠠ ᠰᠣᠯᠢᠯᠴᠠᠭ᠎ᠠ ᠥᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号