ᠦᠪᠡᠷᠲᠡᠭᠡᠨ ᠵᠠᠰᠠᠬᠤ ᠤᠷᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2016/8/3
      ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠨᠢᠬᠡᠳᠦᠬᠡᠷ ᠲᠤᠭᠤᠢᠢᠯᠠᠩ ᠮᠠᠨ ᠤ ᠤᠷᠤᠨ ᠳᠤ ᠢᠷᠡᠵᠦ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠬᠦᠯᠦᠭᠰᠡᠨ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠤ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠲᠡᠭᠡᠳᠤ ᠬᠡᠮᠵᠢᠶ᠎ᠠ ᠪᠠᠷ ᠬᠠᠷᠢᠭᠤᠴᠠᠬᠤ ᠵᠤᠷᠢᠬ ᠰᠠᠨᠠᠭ᠎ᠠ ᠪᠠᠷ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠡᠯ᠎ᠠ ᠲᠦᠷᠦᠯ ᠤᠨ ᠠᠵᠢᠯ ᠢᠶᠠᠨ ᠦᠷᠨᠢᠬᠦᠯᠬᠦ ᠳᠤ ᠨᠢᠬᠳᠠ ᠬᠠᠮᠵᠢᠯᠴᠠᠵᠦ᠂ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠰᠢᠯᠵᠢᠬᠦᠯᠦᠨ ᠲᠤᠰᠢᠶᠠᠬᠰᠠᠨ ᠠᠰᠠᠭᠤᠳᠠᠯ ᠤᠨ ᠰᠦᠪᠡᠭᠴᠢ ᠶᠢ ᠴᠠᠬ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠬᠰᠠᠨ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠨ᠂ ᠴᠡᠭᠴᠡᠯᠠᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠳᠠᠢ ᠰᠠᠶᠢᠳᠤᠷ ᠬᠢᠵᠦ᠂ ᠢᠳᠡᠪᠬᠢᠲᠠᠢ ᠦᠷ᠎ᠡ ᠪᠦᠲᠦᠮᠵᠢ ᠤᠯᠤᠬᠰᠠᠨ ᠪᠠᠶᠢᠨ᠎ᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠲᠡᠭᠡᠳᠦ ᠬᠡᠮᠵᠢᠶ᠎ᠠ ᠪᠠᠷ ᠴᠢᠬᠤᠯᠠᠴᠢᠯᠠᠨ ᠨᠠᠷᠢᠯᠢᠬ ᠲᠤᠬᠢᠷᠠᠭᠤᠯᠵᠦ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠦ ᠪᠠ ᠴᠡᠭᠴᠡᠯᠠᠨ ᠰᠠᠶᠢᠵᠢᠷᠠᠭᠤᠯᠬᠤ ᠠᠵᠢᠯ ᠤᠨ ᠲᠤᠬᠠᠢ ᠤᠯᠠᠨᠳᠠ ᠪᠠᠶᠢᠷᠢᠯᠠᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠬ ᠤᠨ ᠤᠷᠳᠤᠨ ᠤ ᠠᠯᠪᠠᠨ ᠲᠢᠩᠬᠢᠮ ᠠᠴᠠ ︽ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠰᠢᠢᠳᠪᠦᠷᠢᠯᠡᠬᠦᠯᠬᠦ ᠪᠠᠷ ᠳᠤᠰᠢᠶᠠᠬᠰᠠᠨ ᠤᠷᠴᠢᠨ ᠲᠤᠭᠤᠷᠢᠨ ᠤ ᠠᠰᠠᠭᠤᠳᠠᠯ ᠢ ᠪᠠᠶᠢᠴᠠᠭᠠᠨ ᠰᠢᠢᠢᠳᠪᠦᠷᠢᠯᠡᠵᠦ ᠴᠡᠭᠴᠡᠯᠠᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠳᠤᠷ ᠬᠢᠬᠦ ᠲᠤᠬᠠᠢ ᠮᠡᠳᠡᠭᠳᠡᠯ︾᠎ ᠢ ᠲᠠᠷᠤᠮᠠᠯᠯᠠᠨ ᠲᠠᠷᠬᠠᠭᠠᠵᠦ᠂ ᠦᠪᠡᠷᠲᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ︽ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠰᠢᠢᠳᠪᠦᠷᠢᠯᠡᠬᠦᠯᠬᠦ ᠪᠠᠷ ᠳᠤᠰᠢᠶᠠᠬᠰᠠᠨ ᠤᠯᠠᠨ ᠲᠦᠮᠡᠨ ᠤ ᠢᠯᠡᠴᠢᠯᠡᠭᠰᠨᠨ ᠤᠷᠴᠢᠨ ᠲᠤᠭᠤᠷᠢᠨ ᠤ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠢᠯᠡ ᠨᠡᠶᠢᠳᠡᠯᠡᠬᠦ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠲᠠᠷᠤᠮᠠᠯᠯᠠᠨ ᠲᠠᠷᠬᠠᠭᠠᠵᠦ᠂ ᠡᠯ᠎ᠠ ᠠᠶᠢᠮᠠᠬ ᠬᠤᠳᠠ ᠶᠢ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠪᠠ ᠴᠡᠭᠴᠡᠯᠠᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠢᠯᠡ ᠨᠡᠶᠢᠳᠡᠯᠡᠬᠦ ᠬᠦᠴᠦᠯᠡᠴᠡ ᠪᠠᠨ ᠨᠡᠮᠡᠭᠳᠡᠬᠦᠯᠦᠨ᠂ ᠴᠠᠬ ᠲᠤᠬᠠᠢ ᠳᠤᠨᠢ ᠲᠤᠬᠠᠢ ᠶᠢᠨ ᠭᠠᠵᠠᠷ ᠤᠨ ᠭᠤᠤᠯ ᠰᠤᠨᠢᠨ ᠮᠡᠳᠡᠭᠡᠨ ᠤ ᠵᠠᠭᠤᠴᠢᠯᠠᠭᠤᠷ ᠲᠡᠭᠡᠷ᠎ᠠ ᠪᠠᠶᠢᠴᠠᠭᠠᠨ ᠰᠢᠢᠳᠪᠦᠷᠢᠯᠡᠵᠦ ᠴᠡᠭᠴᠡᠯᠠᠨ ᠰᠠᠶᠢᠵᠢᠷᠠᠭᠤᠯᠬᠤᠰᠠᠨ ᠪᠠᠶᠢᠳᠠᠯ᠂ ᠢᠯᠡᠴᠢᠯᠡᠭᠡ ᠶᠢᠨ ᠤᠳᠠᠰᠤ ᠪᠠ ᠢᠯᠡᠴᠢᠯᠡᠭᠡ ᠶᠢᠨ ᠢᠮᠧᠯ ᠢ ᠢᠯᠡ ᠨᠡᠶᠢᠳᠡᠯᠡᠵᠦ᠂ ᠨᠡᠶᠢᠬᠡᠮ ᠤᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠤᠬᠠᠮᠰᠠᠷ ᠠᠴᠠ ᠪᠠᠨ ᠬᠦᠯᠢᠶᠡᠬᠦ ᠬᠡᠷᠡᠭᠳᠡᠢ ᠬᠡᠵᠦ ᠱᠠᠭᠠᠷᠳᠠᠵᠠᠢ᠃      7 ᠳ᠋ᠤᠭᠠᠷ ᠰᠠᠷ᠎ᠠ ᠶᠢᠨ 30᠎ ᠤ ᠡᠳᠦᠷ ᠪᠤᠯᠳᠠᠯ᠎ᠠ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠠᠴᠠ ᠰᠢᠢᠳᠪᠦᠷᠢᠯᠡᠬᠦᠯᠬᠦ ᠪᠠᠷ ᠰᠢᠯᠵᠢᠬᠦᠯᠦᠭᠰᠡᠨ ᠤᠯᠠᠨ ᠲᠦᠮᠨᠨ ᠤ ᠢᠯᠡᠴᠢᠯᠡᠭᠰᠡᠨ ᠠᠰᠠᠭᠤᠳᠠᠯ ᠨᠡᠶᠢᠳᠡ 16 ᠪᠦᠯᠦᠭ ᠤᠨ 773᠎ ᠳᠤ ᠬᠦᠷᠴᠦ᠂ ᠴᠠᠬ ᠤᠨ ᠬᠢᠵᠠᠭᠠᠷᠯᠠᠯ ᠤᠨ ᠱᠠᠭᠠᠷᠳᠠᠯᠭ᠎ᠠ ᠶᠤᠰᠤᠭᠠᠷ ᠲᠦᠷᠦᠬᠦᠦ 10 ᠪᠦᠯᠦᠭ ᠤᠨ 359 ᠠᠰᠠᠭᠤᠳᠠᠯ ᠢ ᠨᠢᠬᠡᠨᠳᠡ ᠰᠢᠢᠳᠪᠦᠷᠢᠯᠡᠵᠦ᠂ ᠬᠠᠤᠯᠢ ᠲᠦᠷᠢᠮ ᠶᠤᠰᠤᠭᠠᠷ 81 ᠬᠦᠮᠦᠨ ᠢ ᠲᠠᠭᠤᠳᠠᠨ ᠶᠠᠷᠢᠯᠴᠠᠵᠦ᠂ 104 ᠬᠦᠮᠦᠨ ᠠᠴᠠ ᠬᠠᠷᠢᠭᠤᠴᠠᠯᠭ᠎ᠠ ᠨᠡᠬᠡᠮᠵᠢᠯᠡᠵᠦ᠂ 16᠎ ᠶᠢ ᠨᠢ ᠬᠡᠷᠡᠭ ᠪᠤᠯᠭᠠᠨ ᠲᠠᠩᠰᠠᠯᠠᠵᠦ᠂ 19 ᠬᠦᠮᠦᠨ ᠳᠤ ᠵᠠᠰᠠᠬ ᠵᠠᠬᠢᠷᠭᠠᠨ ᠤ ᠲᠦᠷ ᠬᠤᠷᠢᠬᠤ ᠰᠢᠳᠬᠡᠯ ᠦᠭᠴᠦ᠂ 21 ᠬᠦᠮᠦᠨ ᠳᠤ ᠡᠷᠡᠬᠦᠦ ᠶᠢᠨ ᠬᠡᠷᠡᠭ ᠤᠨ ᠲᠦᠷ ᠬᠤᠷᠢᠬᠤ ᠰᠢᠳᠬᠡᠯ ᠦᠭᠴᠦ᠂ 52᠎ ᠢ ᠬᠡᠷᠡᠭ ᠪᠤᠯᠭᠠᠨ ᠲᠠᠩᠰᠠᠯᠠᠨ ᠲᠤᠷᠭᠠᠭᠤᠯᠢ ᠦᠭᠴᠦ᠂ ᠨᠡᠶᠢᠳᠡ 883 ᠲᠦᠮᠡᠨ ᠲᠦᠬᠦᠷᠢᠭ ᠢᠶᠠᠷ ᠲᠤᠷᠭᠠᠪᠠ᠃ ᠡᠯ᠎ᠠ ᠠᠶᠢᠮᠠᠬ ᠬᠤᠳᠠ ᠰᠤᠨᠢᠨ ᠮᠡᠳᠡᠭᠡᠨ ᠤ ᠵᠠᠭᠤᠴᠢᠯᠠᠭᠤᠷ ᠲᠡᠭᠡᠷ᠎ᠠ ᠪᠠᠨ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠤᠬᠰᠠᠨ 307 ᠬᠡᠷᠡᠭ ᠢ ᠢᠯᠡ ᠨᠡᠶᠢᠳᠡᠯᠡᠵᠦ᠂ ᠪᠤᠰᠤᠳ ᠠᠰᠠᠭᠤᠳᠠᠯ ᠢ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠪᠠ ᠢᠯᠡ ᠨᠡᠶᠢᠳᠡᠯᠡᠵᠦ ᠢᠯᠡ ᠵᠠᠷᠯᠠᠬᠤ ᠠᠵᠢᠯ ᠶᠠᠬ ᠡᠮᠬᠢ ᠲᠢᠭᠯᠢᠮ ᠲᠠᠢ ᠶᠠᠪᠤᠭᠳᠠᠵᠦ ᠪᠠᠶᠢᠨ᠎ᠠ᠃      ᠡᠯ᠎ᠠ ᠠᠶᠢᠮᠠᠬ ᠬᠤᠳᠠ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠱᠠᠭᠠᠷᠳᠠᠯᠭ᠎ᠠ ᠶᠤᠰᠤᠭᠠᠷ ᠢᠳᠡᠪᠬᠢᠳᠡᠢ ᠮᠦᠷᠳᠡᠬᠡᠨ ᠪᠦᠲᠦᠮᠵᠢᠳᠡᠢ ᠠᠷᠭ᠎ᠠ ᠬᠡᠮᠵᠢᠶ᠎ᠠ ᠠᠪᠴᠤ᠂ ᠲᠦᠪ ᠤᠨ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠢ ᠪᠦᠬᠦ ᠬᠦᠴᠦᠨ ᠢᠶᠠᠷ ᠢᠶᠠᠨ ᠬᠠᠮᠵᠢᠵᠦ᠂ ᠰᠢᠯᠵᠢᠬᠦᠯᠦᠨ ᠲᠤᠰᠢᠶᠠᠬᠰᠠᠨ ᠠᠰᠠᠭᠤᠳᠠᠯ ᠢ ᠨᠢ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠪᠡᠶᠡᠯᠡᠬᠦᠯᠵᠦ᠂ ᠴᠠᠬ ᠤᠨ ᠬᠢᠵᠠᠭᠠᠷᠯᠠᠯ ᠶᠤᠰᠤᠭᠠᠷ ᠡᠯ᠎ᠠ ᠲᠦᠷᠦᠯ ᠤᠨ ᠴᠡᠭᠴᠡᠯᠡᠨ ᠰᠠᠶᠢᠵᠢᠷᠠᠭᠤᠯᠵᠦ ᠴᠡᠭᠴᠡᠯᠡᠨ ᠵᠠᠰᠠᠬᠤ ᠡᠬᠦᠷᠬᠡ ᠪᠠᠨ ᠪᠡᠶᠡᠯᠡᠬᠦᠯᠵᠦ᠂ ᠤᠯᠠᠨ ᠲᠦᠮᠡᠨ ᠤ ᠢᠯᠡᠴᠢᠯᠡᠭᠰᠡᠨ ᠠᠰᠠᠭᠤᠳᠠᠯ ᠪᠤᠯᠭᠠᠨ ᠢ ᠨᠠᠶᠢᠳᠠᠪᠤᠷᠢᠵᠢᠭᠤᠯᠤᠨ᠂ ᠬᠡᠷᠡᠭ ᠪᠤᠯᠭᠠᠨ ᠳᠤ ᠬᠠᠷᠢᠭᠤ ᠦᠭᠬᠦ ᠶᠢ ᠪᠠᠲᠤᠯᠠᠬᠰᠠᠨ ᠪᠠᠶᠢᠨ᠎ᠠ᠃ ᠬᠦᠬᠡᠬᠤᠳᠠ᠂ ᠤᠷᠳᠤᠰ ᠬᠤᠳᠠ ᠵᠡᠷᠭᠡ ᠠᠶᠢᠮᠠᠬ ᠬᠤᠳᠠ ᠠᠰᠠᠭᠤᠳᠠᠯ ᠢ ᠬᠦᠨᠵᠡᠬᠡᠢ ᠪᠠᠶᠢᠴᠠᠭᠠᠵᠦ᠂ ᠬᠠᠤᠯᠢ ᠬᠡᠷᠡᠭᠵᠢᠬᠦᠯᠦᠨ ᠪᠠᠶᠢᠴᠠᠭᠠᠬᠤ ᠬᠦᠴᠦᠯᠡᠴᠡ ᠪᠠᠨ ᠴᠢᠩᠭᠠᠳᠬᠠᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠴᠠᠬ ᠲᠤᠬᠠᠢ ᠳᠤᠨᠢ ᠨᠡᠶᠢᠬᠡᠮ ᠨᠡᠶᠢᠳᠡ ᠳᠤ ᠢᠯᠡ ᠨᠡᠶᠢᠳᠡᠯᠡᠪᠡ︔ ᠬᠦᠯᠦᠨ ᠪᠤᠶᠢᠷ ᠬᠤᠳᠠ ᠤᠯᠠᠨ ᠲᠦᠮᠡᠨ ᠤ ᠢᠯᠡᠴᠢᠯᠡᠭᠰᠡᠨ ᠤᠮᠠᠷᠠᠳᠤ ᠶᠢᠨ ᠡᠮ ᠤᠨ ᠦᠢᠯᠡᠰ ᠤᠨ ᠺᠤᠮᠫᠠᠨᠢ ᠶᠢᠨ ᠤᠷᠴᠢᠨ ᠲᠤᠭᠤᠷᠢᠨ ᠤ ᠠᠰᠠᠭᠤᠳᠠᠯ ᠢ ᠬᠠᠷᠭᠤᠭᠤᠯᠬᠤ ᠶᠠᠪᠤᠴᠠ ᠳᠠᠭᠠᠨ ᠲᠤᠰ ᠠᠵᠦ ᠠᠬᠤᠢᠢᠯᠠᠯ ᠨᠢ ᠠᠶᠤᠯ ᠲᠠᠢ ᠬᠠᠶᠠᠬᠳᠠᠮᠠᠯ ᠪᠤᠳᠠᠰ ᠢᠶᠠᠨ ᠲᠤᠷ᠎ᠠ ᠪᠠᠷ ᠬᠠᠶᠠᠬᠰᠠᠨ ᠰᠡᠵᠢᠭᠯᠡᠯᠳᠡᠢ ᠪᠠᠶᠢᠬᠤ ᠶᠢ ᠢᠯᠡᠷᠡᠬᠦᠯᠵᠦ᠂ ᠴᠠᠬ ᠲᠤᠬᠠᠢ ᠳᠤᠨᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠳ ᠤᠨ ᠦᠷᠬᠡᠳᠬᠡᠭᠰᠡᠨ ᠬᠤᠷᠠᠯ ᠬᠤᠷᠠᠯᠳᠤᠭᠤᠯᠤᠨ ᠬᠠᠷᠢᠭᠤᠴᠠᠯᠭ᠎ᠠ ᠶᠢ ᠴᠢᠩᠭ᠎ᠠ ᠨᠡᠭᠡᠮᠵᠢᠯᠡᠬᠦ ᠶᠢ ᠱᠠᠭᠠᠷᠳᠠᠵᠦ᠂ ᠪᠠᠰᠠ ᠴᠠᠬ ᠲᠤᠬᠠᠢ ᠳᠤᠨᠢ ᠨᠡᠶᠢᠬᠡᠮ ᠨᠡᠶᠢᠳᠡ ᠳᠤ ᠪᠠᠶᠢᠴᠠᠭᠠᠨ ᠰᠢᠢᠳᠪᠦᠷᠢᠯᠡᠭᠰᠡᠨ ᠦᠷ᠎ᠠ ᠳ᠋ᠦᠩ ᠢ ᠨᠡᠶᠢᠳᠡᠯᠡᠭᠰᠡᠨ ᠪᠠᠶᠢᠨ᠎ᠠ᠃ ᠤᠳᠤᠬᠠᠨ ᠳᠤ ᠡᠯ᠎ᠠ ᠠᠶᠢᠮᠠᠬ ᠬᠤᠳᠠ ᠶᠢᠨ ᠬᠢᠨ ᠲᠦᠪ ᠤᠨ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠳᠤ ᠪᠦᠬᠦ ᠬᠦᠴᠦᠨ ᠢᠶᠠᠷ ᠢᠶᠠᠨ ᠬᠠᠮᠵᠢᠨ ᠲᠤᠷᠤᠬᠰᠢ ᠪᠠᠭᠤᠵᠦ ᠰᠢᠮᠳᠠᠭᠤᠯᠤᠨ ᠪᠠᠶᠢᠴᠠᠭᠠᠬᠤ ᠠᠵᠢᠯ ᠦᠷᠨᠢᠬᠦᠯᠵᠦ᠂ ᠡᠯ᠎ᠠ ᠲᠦᠷᠦᠯ ᠤᠨ ᠠᠵᠢᠯ ᠤᠷᠤᠬᠰᠢᠳᠠᠢ ᠶᠠᠪᠤᠬᠳᠠᠵᠦ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号