ᠯᠢᠦ ᠰᠢᠨ ᠯᠧ ᠮᠠᠨ ᠤ ᠤᠷᠤᠨ ᠤ ᠤᠯᠢᠮᠫᠢᠺ ᠲᠤ ᠤᠷᠤᠯᠴᠠᠭᠰᠠᠠ ᠲᠠᠮᠢᠷᠴᠢᠨ ᠲᠠᠰᠬᠠᠯᠵᠢᠭᠤᠯᠤᠭᠴᠢ ᠶᠢ ᠡᠷᠬᠢᠨ ᠦᠵᠡᠪᠠ
ᠨᠡᠶᠢᠲᠡᠯᠡᠭᠰᠡᠨ ᠴᠠᠭ᠄
2016/8/30
     8 ᠳ᠋ᠤᠭᠠᠷ ᠰᠠᠷ᠎ᠠ ᠶᠢᠨ 29᠎ ᠤ ᠦᠳᠠ ᠶᠢᠨ ᠡᠮᠦᠨ᠎ᠠ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠦᠪᠡᠷᠳᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶ᠎ᠠ ᠳᠤ ᠬᠦᠷᠴᠤ᠂ 2016 ᠤᠨ ᠤ ᠷᠢᠦ᠋ ᠳ᠋ᠢ ᠿᠧᠨᠠᠶᠢᠷᠦ᠋ ᠶᠢᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠤᠷᠤᠯᠴᠠᠭᠰᠠᠠ ᠮᠠᠨ ᠤ ᠤᠷᠤᠨ ᠤ ᠲᠠᠮᠢᠷᠴᠢᠨ ᠲᠠᠰᠬᠠᠯᠵᠢᠭᠤᠯᠤᠭᠴᠢ ᠶᠢ ᠡᠷᠬᠢᠨ ᠦᠵᠡᠪᠠ᠃      2016 ᠤᠨ ᠤ ᠷᠢᠦ᠋ ᠳ᠋ᠢ ᠿᠧᠨᠠᠶᠢᠷᠦ᠋ ᠶᠢᠨ ᠤᠯᠢᠮᠫᠢᠺ ᠤᠨ ᠲᠠᠮᠢᠷ ᠤᠨ ᠴᠤᠭᠯᠠᠭᠠᠨ ᠳᠤ ᠮᠠᠨ ᠤ ᠤᠷᠤᠨ ᠠᠴᠠ ᠡᠮᠡᠭᠳᠡᠢ ᠶᠢᠨ ᠪᠤᠤᠺᠰ ᠤᠨ ᠠᠩᠬᠢ ᠶᠢᠨ ᠯᠢ ᠴᠢᠶᠠᠨ᠂ ᠡᠷᠡᠭᠳᠡᠢ ᠶᠢᠨ ᠵᠢᠤᠳᠤᠤ ᠪᠦᠬᠡ ᠶᠢᠨ ᠠᠩᠬᠢ ᠶᠢᠨ ᠰᠠᠶᠢᠨᠵᠢᠷᠭᠠᠯ᠂ ᠡᠮᠡᠭᠳᠡᠢ ᠶᠢᠨ ᠮᠠᠷᠠᠽᠤᠨ ᠤ ᠠᠩᠬᠢ ᠶᠢᠨ ᠶᠠᠩ ᠵᠢᠶᠠ ᠢᠤᠢ ᠵᠡᠷᠬᠡ 3 ᠲᠠᠮᠢᠷᠴᠢᠨ ᠪᠠ ᠡᠮᠡᠭᠳᠡᠢ ᠶᠢᠨ ᠪᠤᠤᠺᠰ ᠤᠨ ᠠᠩᠬᠢ ᠶᠢᠨ ᠲᠠᠰᠬᠠᠯᠵᠢᠭᠤᠯᠤᠭᠴᠢ ᠬᠠᠳᠠᠪᠠᠭᠠᠳᠤᠷ ᠵᠡᠷᠬᠡ ᠨᠠᠶᠢᠳᠠ 4 ᠬᠦᠮᠦᠨ ᠤᠷᠤᠯᠴᠠᠵᠤ᠂ ᠡᠬᠦᠨ ᠳᠤ ᠯᠢ ᠴᠢᠶᠠᠨ ᠡᠮᠡᠭᠳᠡᠢ ᠶᠢᠨ ᠪᠤᠤᠺᠰ ᠤᠨ 75 ᠺᠢᠯᠦᠭᠷᠠᠮ ᠤᠨ ᠲᠡᠰ ᠤᠨ ᠤᠷᠤᠯᠳᠤᠭᠠᠨ ᠳᠤ ᠮᠦᠩᠬᠦᠨ ᠮᠧᠳᠠᠯ ᠤᠯᠤᠭᠰᠠᠠ ᠰᠢᠯᠢᠳᠡᠭ ᠬᠢᠷᠢ ᠪᠦᠳᠦᠮᠵᠢ ᠶᠢ ᠡᠬᠦᠳᠴᠠᠢ᠃      ᠯᠢᠦ ᠰᠢᠨ ᠯᠧ ᠮᠠᠨ ᠤ ᠤᠷᠤᠨ ᠤ ᠲᠠᠮᠢᠷᠴᠢᠳ ᠤᠨ ᠤᠯᠢᠮᠫᠢᠺ ᠤᠨ ᠲᠤᠮᠤ ᠲᠠᠪᠴᠠᠩ ᠳᠤ ᠤᠯᠤᠭᠰᠠᠠ ᠬᠢᠷᠢ ᠪᠦᠳᠦᠮᠵᠢ ᠪᠤᠯᠤᠨ ᠡᠷᠡᠯᠬᠡᠭᠯᠡᠨ ᠲᠡᠮᠡᠴᠡᠭᠰᠡᠡ ᠵᠤᠷᠢᠬ ᠰᠠᠨᠠᠭ᠎ᠠ ᠶᠢ ᠬᠦᠢᠴᠡᠳ ᠦᠨᠡᠯᠡᠬᠦ ᠶᠢᠨ ᠬᠠᠮᠳᠤ᠂ ᠲᠠᠮᠢᠷᠴᠢᠳ ᠪᠤᠯᠤᠨ ᠲᠠᠰᠬᠠᠯᠵᠢᠭᠤᠯᠤᠭᠴᠢ ᠨᠠᠷ ᠲᠤ ᠲᠤᠷᠰᠢᠯᠭ᠎ᠠ ᠪᠠᠨ ᠳ᠋ᠦᠩᠨᠡᠵᠤ᠂ ᠬᠠᠷᠠᠯᠳᠠ ᠪᠠᠨ ᠪᠠᠳᠤ ᠲᠤᠭᠳᠠᠭᠠᠠ᠂ ᠴᠢᠷᠮᠠᠶᠢᠨ ᠲᠡᠮᠡᠴᠡᠬᠦ ᠵᠤᠷᠢᠬ ᠰᠠᠨᠠᠭ᠎ᠠ ᠪᠠᠨ ᠦᠷᠬᠦᠯᠵᠢᠯᠠᠨ ᠪᠠᠳᠠᠷᠠᠭᠤᠯᠵᠤ᠂ ᠲᠠᠷᠠᠭᠠᠴᠢ ᠶᠢᠨ ᠤᠳᠠᠭᠠᠨ ᠤ ᠤᠷᠤᠯᠳᠤᠭᠠᠨ ᠳᠤ ᠨᠠᠩ ᠦᠨᠳᠦᠷ ᠠᠮᠵᠢᠯᠳᠠ ᠤᠯᠬᠤ ᠶᠢ ᠬᠦᠰᠡᠡ ᠵᠤᠷᠢᠬᠵᠢᠭᠤᠯᠪᠠ᠃      ᠲᠠᠮᠢᠷᠴᠢᠳ ᠪᠤᠯᠤᠨ ᠲᠠᠰᠬᠠᠯᠵᠢᠭᠤᠯᠤᠭᠴᠢ ᠠᠴᠠ ᠴᠦᠮ ᠦᠷᠬᠦᠯᠵᠢᠯᠠᠨ ᠬᠠᠳᠠᠭᠤᠵᠢᠯᠳᠠᠢ ᠪᠤᠯᠪᠠᠰᠤᠷᠠᠵᠤ᠂ ᠲᠦᠷᠪᠠᠨ ᠵᠢᠯ ᠤᠨ ᠲᠠᠷᠠᠭᠠᠬᠢ ᠲᠤᠤᠺᠢᠣ᠋ ᠶᠢᠨ ᠤᠯᠢᠮᠫᠢᠺ ᠤᠨ ᠲᠠᠮᠢᠷ ᠤᠨ ᠴᠤᠭᠯᠠᠭᠠᠨ ᠲᠡᠬᠡᠷ᠎ᠠ ᠨᠠᠩ ᠰᠠᠶᠢᠨ ᠬᠢᠷᠢ ᠪᠦᠳᠦᠮᠵᠢ ᠤᠯᠬᠤ ᠪᠠᠷ ᠴᠢᠷᠮᠠᠶᠢᠨ᠎ᠠ ᠬᠡᠵᠤ ᠢᠯᠡᠷᠬᠡᠶᠢᠯᠡᠭᠰᠡᠡ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号