ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠤᠯᠭᠤᠯᠲᠠ ᠪᠠᠷ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠷᠴᠢᠮᠬᠠᠨ ᠡᠳ᠋ ᠤᠨ ᠵᠠᠰᠠᠭ ᠤᠨ ᠶᠠᠮᠤᠨ ᠤ | ᠤᠯᠤᠰ ᠤᠨ ᠵᠢᠭᠡᠯᠡᠯᠭᠡ ᠲᠠᠷᠬᠠᠭᠠᠬᠤ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ | ᠰᠢᠰᠲ᠋ᠧᠮ ᠤᠨ ᠳᠠᠭᠠᠭᠠᠨ ᠪᠣᠷᠣᠯᠠᠭᠤᠯᠬᠤ ᠬᠤᠪᠢᠶᠠᠷᠢ ᠰᠢᠰᠲ᠋ᠧᠮ ᠢᠶᠠᠷ ᠳᠠᠮᠵᠢᠭᠤᠯᠤᠨ 2016 ᠣᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠶᠠᠳᠤᠭᠠᠷ ᠪᠦᠯᠦᠭ ᠵᠢᠭᠡᠯᠡᠯᠭᠡ ᠶᠢᠨ | ᠲᠡᠮᠳᠡᠭᠲᠦ ᠶᠢ ᠬᠠᠨᠳᠤᠯᠭ᠎ᠠ ᠲᠠᠢ ᠪᠠᠷ ᠲᠠᠷᠬᠠᠭᠠᠬᠤ ᠳᠠᠭᠠᠭᠠᠨ ᠪᠣᠷᠣᠯᠠᠭᠤᠯᠬᠤ ᠪᠦᠯᠬᠦᠮ ᠤᠨ ᠪᠦᠷᠢᠯᠳᠦᠬᠦᠨ ᠳᠤ | ᠴᠢᠭᠯᠡᠬᠦᠯᠦᠨ᠂ ᠬᠠᠨᠳᠤᠯᠭᠠᠲᠤ ᠳᠠᠭᠠᠭᠠᠨ ᠪᠣᠷᠣᠯᠠᠭᠤᠯᠬᠤ ᠠᠷᠭ᠎ᠠ ᠪᠠᠷ ᠮᠠᠨ ᠤ ᠤᠷᠤᠨ ᠤ ᠵᠠᠰᠠᠭ ᠤᠨ ᠣᠷᠳᠣᠨ ᠤ | ᠵᠢᠭᠡᠯᠡᠯᠭᠡ ᠶᠢᠨ ᠲᠡᠮᠳᠡᠭᠲᠦ ᠶᠢ 142.5 ᠳ᠋ᠦᠡᠭᠰᠢᠭᠤᠷ ᠲᠥᠭᠦᠷᠢᠭ ᠲᠠᠷᠬᠠᠭᠠᠭᠰᠠᠨ ᠪᠠᠶᠢᠨ᠎ᠠ᠃ ᠲᠤᠰ ᠪᠦᠯᠦᠭ ᠤᠨ | ᠵᠢᠭᠡᠯᠡᠯᠭᠡ ᠶᠢᠨ ᠲᠡᠮᠳᠡᠭᠲᠦ ᠳᠤ᠂ ᠡ᠊ᠩ ᠤᠨ ᠵᠢᠭᠡᠯᠡᠯᠭᠡ ᠶᠢᠨ ᠲᠡᠮᠳᠡᠭᠲᠦ ᠶᠢ 117.2 ᠳ᠋ᠦᠡᠭᠰᠢᠭᠤᠷ ᠲᠥᠭᠦᠷᠢᠭ | ᠲᠠᠷᠬᠠᠭᠠᠪᠠ᠂ ᠡᠭᠦᠨ ᠳᠤ 3 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 14.4 ᠳ᠋ᠦᠡᠭᠰᠢᠭᠤᠷ | ᠲᠥᠭᠦᠷᠢᠭ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 34.27 ᠳ᠋ᠦᠡᠭᠰᠢᠭᠤᠷ ᠲᠥᠭᠦᠷᠢᠭ᠂ | 7 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 34.27 ᠳ᠋ᠦᠡᠭᠰᠢᠭᠤᠷ ᠲᠥᠭᠦᠷᠢᠭ᠂ 10 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 34.27 ᠳ᠋ᠦᠡᠭᠰᠢᠭᠤᠷ ᠲᠥᠭᠦᠷᠢᠭ ᠲᠠᠷᠬᠠᠭᠠᠵᠤ᠂ | ᠳᠠᠭᠠᠭᠠᠴᠢᠯᠠᠯᠲᠠ ᠣᠯᠤᠭᠰᠠᠨ ᠬᠦᠦ ᠨᠤᠷᠮ᠎ᠠ ᠨᠢ ᠲᠤᠰ ᠲᠤᠰ 2.78%᠂ 2.94%᠂ 3.17%᠂ 3.14% | ᠪᠤᠯᠤᠨ᠎ᠠ︔ ᠲᠤᠰᠬᠠᠶ ᠵᠢᠭᠡᠯᠡᠯᠭᠡ ᠶᠢᠨ ᠲᠡᠮᠳᠡᠭᠲᠦ ᠶᠢ 25.3 ᠳ᠋ᠦᠡᠭᠰᠢᠭᠤᠷ ᠲᠥᠭᠦᠷᠢᠭ ᠲᠠᠷᠬᠠᠭᠠᠪᠠ᠂ ᠡᠭᠦᠨ ᠳᠤ 5 | ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 12.65 ᠳ᠋ᠦᠩᠰᠢᠭᠤᠷ ᠲᠥᠭᠦᠷᠢᠭ᠂ 10 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 12.65 ᠳ᠋ᠦᠩᠰᠢᠭᠤᠷ ᠲᠥᠭᠦᠷᠢᠭ ᠲᠠᠷᠬᠠᠭᠠᠵᠤ᠂ | ᠳᠠᠭᠠᠭᠠᠴᠢᠯᠠᠯᠲᠠ ᠣᠯᠤᠭᠰᠠᠨ ᠬᠦᠦ ᠨᠤᠷᠮ᠎ᠠ ᠨᠢ ᠲᠤᠰ ᠲᠤᠰ 2.94%᠂ 3.14% ᠪᠤᠯᠤᠨ᠎ᠠ᠃ | ᠣᠶᠢᠯᠠᠭᠠᠭᠰᠠᠨ ᠢᠶᠠᠷ᠂ ᠲᠤᠰ ᠪᠦᠯᠦᠭ ᠤᠨ ᠵᠢᠭᠡᠯᠡᠯᠭᠡ ᠶᠢᠨ ᠲᠡᠮᠳᠡᠭᠲᠦ ᠪᠠᠷ ᠭᠤᠤᠯ ᠨᠢ ᠥᠪᠡᠷᠲᠡᠭᠡᠨ ᠵᠠᠰᠠᠬᠤ | ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠴᠠᠭ᠎ᠠ ᠨᠢ ᠲᠤᠯᠤᠭᠰᠠᠨ ᠪᠠᠩᠬᠢ ᠶᠢᠨ ᠲᠦᠷᠦᠯ ᠤᠨ ᠥᠷᠢ | ᠥᠭᠴᠡᠭᠡ ᠶᠢ ᠲᠦᠯᠦᠬᠦ ᠪᠤᠯᠤᠨ᠎ᠠ᠃ ᠲᠤᠰ ᠤᠳᠠᠭᠠᠨ ᠤ ᠲᠠᠷᠬᠠᠭᠠᠯᠲᠠ ᠳᠠᠭᠤᠰᠲᠠᠯ᠎ᠠ᠂ 2016 ᠣᠨ ᠳᠤ ᠮᠠᠨ ᠤ | ᠣᠷᠣᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 1681 ᠳ᠋ᠦᠡᠭᠰᠢᠭᠤᠷ ᠲᠥᠭᠦᠷᠢᠭ | ᠲᠠᠷᠬᠠᠭᠠᠵᠤ᠂ ᠪᠦᠬᠦ ᠵᠢᠯ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠬᠡᠪᠴᠢᠶᠡᠨ ᠤ ᠳᠡᠭᠡᠲᠦ ᠬᠢᠵᠠᠭᠠᠷᠯᠠᠯ ᠤᠨ 70. | 4% ᠶᠢ ᠪᠡᠶᠡᠯᠡᠬᠦᠯᠪᠡ᠃ |