ᠥᠪᠥᠷ ᠮᠣᠩᠭᠤᠯ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠤᠶᠠᠳᠤᠭᠠᠷ ᠪᠦᠯᠦᠭ ᠨᠥᠬᠦᠪᠥᠷᠢ ᠪᠡᠯᠡ ᠮᠥᠩᠭᠦ ᠶᠢ 21.1 ᠳ᠋ᠦᠩᠰᠢᠭᠤᠷ ᠲᠥᠭᠦᠷᠢᠭ ᠳᠤᠷᠤᠭᠰᠢ ᠪᠠᠭᠤᠯᠭᠠᠪᠠ
ᠨᠡᠶᠢᠲᠡᠯᠡᠭᠰᠡᠨ ᠴᠠᠭ᠄
2016/8/30
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠤᠶᠠᠳᠤᠭᠠᠷ ᠪᠦᠯᠦᠭ ᠨᠥᠬᠦᠪᠥᠷᠢ ᠪᠡᠯᠡ ᠮᠥᠩᠭᠦ ᠶᠢ 211253 ᠲᠦᠮᠡᠨ ᠲᠥᠭᠦᠷᠢᠭ ᠳᠤᠷᠤᠭᠰᠢ ᠪᠠᠭᠤᠯᠭᠠᠵᠤ᠂ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠠᠪᠤᠷᠠᠨ ᠲᠤᠰᠠᠯᠠᠭᠤᠯᠤᠭᠰᠠᠳ ᠲᠤ ᠦᠭᠬᠦ ᠶᠢ ᠦᠨᠡᠨ ᠬᠦ ᠪᠠᠲᠤᠯᠠᠪᠠ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠳᠣᠷᠣᠭᠰᠢ ᠪᠠᠭᠤᠯᠭᠠᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢ ᠲᠤᠰ ᠲᠤᠰ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠪᠣᠯᠤᠨ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠯᠭᠡᠭᠰᠡᠳ ᠤᠨ ᠦᠨᠳᠦᠰᠦᠨ ᠠᠮᠢᠳᠤᠷᠠᠯ ᠤᠨ ᠵᠠᠷᠤᠯᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠵᠠᠷᠤᠳᠠᠯ᠂ ᠪᠡᠯᠡ ᠮᠦᠩᠭᠦ ᠪᠠᠷ ᠲᠤᠰᠠᠯᠠᠭᠤᠯᠤᠭᠰᠠᠳ ᠤᠨ ᠬᠤᠷᠰᠢᠭᠰᠠᠨ ᠡᠮᠨᠡᠯᠭᠡ ᠳᠤ ᠤᠷᠤᠯᠴᠠᠬᠤ ᠳᠠᠭᠠᠳᠬᠠᠯ ᠳᠤ ᠤᠷᠤᠯᠴᠠᠬᠤ᠂ ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠳᠤ ᠲᠤᠰᠠᠯᠠᠮᠵᠢ ᠤᠯᠭᠤᠬᠤ ᠳᠤ ᠬᠡᠷᠡᠭᠯᠡᠬᠦ ᠪᠠ ᠠᠪᠤᠷᠠᠨ ᠲᠤᠰᠠᠯᠠᠭᠤᠯᠤᠭᠰᠠᠳ ᠤᠨ ᠳᠦᠷ ᠴᠠᠭ ᠤᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠬᠦ ᠵᠠᠷᠤᠯᠭ᠎ᠠ᠂ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠪᠣᠯᠤᠨ ᠮᠡᠳᠡᠭᠡ ᠵᠠᠩᠬᠢᠴᠢᠯᠠᠬᠤ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃ ᠡᠭᠦᠨ ᠳᠤ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ158548 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭ᠎ᠠ ᠶᠢᠨ ᠠᠰᠠᠷᠠᠨ ᠲᠡᠵᠢᠭᠡᠬᠦ ᠪᠡᠯᠡ ᠮᠥᠩᠭᠦ 3425 ᠲᠦᠮᠡᠨ ᠲᠥᠭᠦᠷᠢᠭ᠂ ᠣᠨᠴᠠ ᠬᠦᠴᠢᠷᠳᠡᠯ ᠲᠠᠢ ᠬᠥᠮᠦᠰ ᠢ ᠲᠡᠵᠢᠭᠡᠬᠦ ᠪᠡᠯᠡ ᠮᠥᠩᠭᠦ 20560 ᠲᠦᠮᠡᠨ ᠲᠥᠭᠦᠷᠢᠭ᠂ ᠬᠤᠳᠠ ᠬᠥᠳᠡᠭᠡ ᠶᠢᠨ ᠡᠮ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ 20754 ᠲᠦᠮᠡᠨ ᠲᠥᠭᠦᠷᠢᠭ᠂ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ 6851 ᠲᠦᠮᠡᠨ ᠲᠥᠭᠦᠷᠢᠭ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠠᠵᠢᠯ ᠪᠠ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠵᠠᠷᠤᠳᠠᠯ 1115 ᠲᠦᠮᠡᠨ ᠲᠥᠭᠦᠷᠢᠭ ᠪᠣᠯᠤᠨ᠎ᠠ᠃ ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠣᠷᠣᠨ ᠳᠤ ᠨᠥᠬᠦᠪᠥᠷᠢ ᠪᠡᠯᠡ ᠮᠥᠩᠭᠦ ᠶᠢ ᠴᠠᠭ ᠲᠤᠬᠠᠶ ᠳᠤᠨᠢ ᠪᠠᠭᠤᠯᠭᠠᠵᠤ᠂ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠦᠨᠦ ᠪᠤᠯᠬᠤ ᠳᠤ᠂ ᠥᠪᠥᠷ ᠮᠣᠩᠭᠤᠯ 2016 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠨᠥᠬᠦᠪᠥᠷᠢ ᠪᠡᠯᠡ ᠮᠥᠩᠭᠦ ᠶᠢ ᠨᠢᠭᠡᠨᠲᠡ 62.37 ᠳ᠋ᠦᠩᠰᠢᠭᠤᠷ ᠲᠥᠭᠦᠷᠢᠭ ᠳᠣᠷᠣᠭᠰᠢ ᠪᠠᠭᠤᠯᠭᠠᠵᠤ  ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠬᠦᠴᠢᠷᠳᠡᠯᠲᠡᠶ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠡᠷᠬᠡ ᠠᠰᠢᠭ ᠢ ᠪᠦᠲᠦᠮᠵᠢᠲᠠᠢ ᠬᠠᠮᠠᠭᠠᠯᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ︽ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢᠶᠠᠷ ᠬᠦᠴᠢᠷᠳᠡᠯ ᠢ ᠲᠦᠷᠭᠡᠨ ᠲᠤᠰᠠᠯᠠᠬᠤ︾ ᠳᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号