ᠡᠨᠡ ᠵᠢᠯ ᠮᠠᠨ ᠤ ᠣᠷᠣᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2016/8/30
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠪᠣᠯᠣᠨ ᠲᠥᠯᠥᠪᠯᠡᠭᠡᠲᠦ ᠦᠷᠡᠵᠢᠯ ᠤᠨ ᠵᠦᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠴᠢᠮᠬᠠᠨ ᠳᠤ ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠨᠡᠶᠢᠲᠡᠯᠡᠵᠦ᠂ ᠡᠭᠦᠨ ᠢᠶᠠᠷ ᠳᠠᠮᠵᠢᠭᠤᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠪᠣᠯᠣᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠪᠣᠯᠪᠠ᠃ ︽ᠰᠠᠨᠠᠯ︾᠎ ᠳᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠤ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠨᠢ ᠡᠷᠡᠭᠦᠯ ᠬᠠᠮᠠᠭᠠᠯᠠᠯ᠂ ᠡᠮ ᠤᠨ ᠰᠤᠳᠤᠯᠤᠯ᠂ ᠬᠢᠲᠠᠳ ᠮᠣᠩᠭᠤᠯ ᠡᠮᠨᠡᠯᠭᠡ᠂ ᠲᠥᠯᠥᠪᠯᠡᠭᠡᠲᠦ ᠦᠷᠡᠵᠢᠯ ᠵᠡᠷᠭᠡ ᠲᠤᠰᠬᠠᠶ ᠮᠡᠷᠭᠡᠵᠢᠯ ᠤᠨ ᠠᠵᠢᠯ ᠬᠢᠵᠦ ᠪᠠᠶᠢᠭ᠎ᠠ ᠲᠤᠰᠬᠠᠶ ᠮᠡᠷᠭᠡᠵᠢᠯᠲᠡᠨ ᠲᠠᠢ ᠬᠤᠯᠪᠤᠭᠳᠠᠨ᠎ᠠ ᠭᠡᠵᠦ ᠲᠣᠳᠣᠷᠬᠠᠶᠢᠯᠠᠪᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠥᠭᠡᠷᠡᠴᠢᠯᠡᠯᠲᠡ ᠶᠢᠨ ᠬᠡᠷᠡᠭᠵᠢᠭᠦᠯᠬᠦ ᠬᠡᠪᠴᠢᠶ᠎ᠡ ᠪᠣᠯᠤᠨ ᠲᠤᠰᠬᠠᠶ ᠮᠡᠷᠭᠡᠵᠢᠯᠲᠡᠳ ᠲᠤ ᠪᠦᠬᠦ ᠣᠷᠣᠨ ᠤ ᠡᠯ᠎ᠡ ᠬᠤᠰᠢᠭᠤ ᠰᠢᠶᠠᠨ ᠤ ᠱᠠᠲᠤᠨ ︵ᠬᠤᠳᠠ ᠶᠢᠨ ᠬᠠᠷᠢᠶ᠎ᠠ ᠲᠣᠭᠤᠷᠢᠭ ᠪᠠᠭᠲᠠᠨ᠎ᠠ᠂ ᠳᠣᠷᠣᠭᠰᠢ ᠠᠳᠠᠯᠢ︶᠎ ᠤ ᠡᠮᠨᠡᠯᠭᠡ ᠶᠢᠨ ᠬᠤᠷᠢᠶ᠎ᠠ᠂ ᠬᠤᠰᠢᠭᠤ ᠰᠢᠶᠠᠨ ᠤ ᠱᠠᠲᠤᠨ ᠤ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠲᠤᠰᠬᠠᠢ ᠪᠠᠶᠢᠭᠤᠯᠤᠮᠵᠢ᠂ ᠲᠥᠯᠥᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠥᠷᠲᠡᠭᠡ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠤᠢᠷᠳᠡᠭᠡ︶᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠥᠷᠦᠭᠡ ᠵᠡᠷᠭᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠲᠤᠰᠬᠠᠶ ᠮᠡᠷᠭᠡᠵᠢᠯ ᠤᠨ ᠠᠵᠢᠯ ᠡᠷᠬᠢᠯᠡᠵᠦ ᠪᠠᠶᠢᠭ᠎ᠠ ᠬᠥᠮᠦᠰ ᠪᠠᠭᠲᠠᠨ᠎ᠠ᠃ ᠪᠠᠶᠢᠭᠤᠯᠭ᠎ᠠ᠂ ᠰᠤᠷᠭᠠᠭᠤᠯᠢ᠂ ᠦᠢᠯᠡᠳᠪᠦᠷᠢ ᠠᠭᠤᠷᠬᠠᠶ ᠠᠵᠤ ᠠᠬᠤᠶᠢᠯᠠᠯ ᠤᠨ ᠬᠠᠷᠢᠶ᠎ᠠ ᠪᠥᠬᠦᠢ ᠵᠢᠴᠢ ᠨᠡᠶᠢᠭᠡᠮ ᠤᠨ ᠪᠤᠰᠤᠳ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠷᠬᠢᠯᠡᠭᠰᠡᠨ ᠲᠤᠰᠬᠠᠶ ᠮᠡᠷᠭᠡᠵᠢᠯ ᠤᠨ ᠠᠵᠢᠯᠲᠠᠨ ᠬᠢᠨᠠᠨ ᠲᠣᠭᠲᠠᠭᠠᠯᠲᠠ ᠳᠤ ᠣᠷᠣᠯᠴᠠᠵᠤ᠂ ᠲᠡᠭᠦᠨ ᠤ ᠳᠡᠰ ᠳᠠᠪᠬᠤᠷᠭ᠎ᠠ ᠶᠢ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠦᠪᠰᠢᠶᠡᠷᠡᠯ ᠢᠶᠠᠷ ᠪᠠᠶᠢᠭᠤᠯᠤᠭᠰᠠᠨ ᠡᠪᠡᠳᠴᠢᠲᠡᠨ ᠤ ᠣᠷᠣ ᠶᠢᠨ ᠲᠤᠭ᠎ᠠ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳᠡᠰ ᠢᠶᠠᠷ ᠲᠣᠭᠲᠠᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号