| | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ | ᠨᠡᠶᠢᠲᠡᠯᠡᠭᠰᠡᠨ ᠮᠡᠳᠡᠭᠡ ᠵᠠᠩᠭᠢ ᠠᠴᠠ ᠦᠵᠡᠪᠡᠯ᠂ ᠣᠷᠴᠢᠮ ᠤᠨ ᠵᠢᠯ ᠳᠤ᠂ ᠥᠪᠥᠷ ᠮᠣᠩᠭᠤᠯ ᠤᠨ ᠣᠷᠣᠰ᠂ | ᠮᠣᠩᠭᠤᠯ ᠤᠯᠤᠰ ᠲᠠᠬᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠶᠡᠷᠦᠩᠬᠡᠶ ᠲᠤᠭ᠎ᠠ ᠨᠢ | 2000 ᠣᠨ ᠤ 9.75 ᠳ᠋ᠦᠩᠰᠢᠭᠤᠷ ᠳ᠋ᠣᠯᠯᠠᠷ ᠠᠴᠠ ᠪᠠᠨ 2015 ᠣᠨ ᠳᠤ 59.58 ᠳ᠋ᠦᠩᠰᠢᠭᠤᠷ ᠳ᠋ᠣᠯᠯᠠᠷ | ᠪᠣᠯᠲᠠᠯ᠎ᠠ ᠨᠡᠮᠡᠭᠳᠡᠵᠦ᠂ ᠵᠢᠯ ᠪᠦᠷᠢ ᠳᠤᠮᠳᠠᠴᠢ ᠪᠠᠷ 12.8% ᠨᠡᠮᠡᠭᠳᠡᠵᠡᠶ᠃ ᠥᠪᠥᠷ ᠮᠣᠩᠭᠤᠯ ᠤᠨ ᠣᠷᠣᠰ | ᠮᠣᠩᠭᠤᠯ ᠳᠠᠬᠢ ᠠᠷᠠᠯᠵᠢᠶᠠᠨ ᠤ ᠲᠤᠭ᠎ᠠ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ | ᠶᠡᠷᠦᠩᠬᠡᠶ ᠲᠣᠭᠠᠨ ᠳᠤ ᠡᠵᠡᠯᠡᠬᠦ ᠬᠤᠪᠢ ᠶᠢᠨ ᠵᠢᠩ ᠤᠨ 46.7% ᠶᠢ ᠪᠣᠯᠪᠠ᠃ | 2016 ᠣᠨ ᠤ ᠳᠡᠭᠡᠳᠦ ᠬᠠᠭᠠᠰ ᠵᠢᠯ ᠳᠤ᠂ ᠮᠠᠨᠵᠤᠤᠷ ᠪᠣᠭᠤᠮᠲᠠ ᠶᠢᠨ ᠪᠠᠷᠠᠭ᠎ᠠ ᠳᠠᠮᠵᠢᠭᠤᠯᠤᠭᠰᠠᠨ | ᠬᠡᠮᠵᠢᠶ᠎ᠡ ᠨᠢ1429 ᠲᠦᠮᠡᠨ ᠲᠣᠨ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ | ᠨᠡᠮᠡᠭᠳᠡᠵᠡᠢ᠃ 1 — 7 ᠳ᠋ᠤᠭᠠᠷ ᠰᠠᠷ᠎ᠠ ᠳᠤ᠂ ᠡᠷᠢᠶᠡᠨ ᠬᠤᠲᠠ ᠪᠣᠭᠤᠮᠲᠠ ᠪᠠᠷ ᠣᠷᠣᠵᠤ ᠭᠠᠷᠤᠭᠰᠠᠨ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠨᠢ ᠴᠥᠮ ᠵᠧᠩᠵᠸᠦ ᠠᠴᠠ ᠧᠦ᠋ᠷᠣᠫᠠ ᠬᠦᠷᠬᠦ ᠡᠭᠡᠯᠵᠢ ᠶᠢᠨ ᠭᠠᠯᠲᠤ | ᠲᠡᠷᠭᠡ ᠪᠠᠶᠢᠵᠤ᠂ ᠨᠡᠶᠢᠲᠡ 49 ᠴᠤᠪᠤᠭ᠎ᠠ 2208 ᠬᠠᠶᠢᠷᠴᠠᠭ ᠪᠠᠷᠠᠭ᠎ᠠ ᠭᠠᠳᠠᠭᠠᠳᠤ ᠳᠤ ᠭᠠᠷᠭᠠᠵᠤ᠂ ᠪᠠᠷᠠᠭᠠᠨ ᠤ | ᠪᠦᠬᠦ ᠬᠦᠨᠳᠦ ᠨᠢ 2.3 ᠲᠦᠮᠨ ᠰᠢᠬᠠᠮ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 201% ᠪᠠᠷ | ᠨᠡᠮᠡᠭᠳᠡᠪᠡ︔ ᠨᠡᠶᠢᠲᠡ 24 ᠴᠤᠪᠤᠭ᠎ᠠ 1048 ᠬᠠᠶᠢᠷᠴᠠᠭ ᠪᠠᠷᠠᠭ᠎ᠠ ᠭᠠᠳᠠᠭᠠᠳᠤ ᠠᠴᠠ ᠣᠷᠤᠭᠤᠯᠵᠤ᠂ ᠪᠠᠷᠠᠭᠠᠨ ᠤ | ᠪᠦᠬᠦ ᠬᠦᠨᠳᠦ ᠨᠢ 1.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 365% ᠪᠠᠷ | ᠨᠡᠮᠡᠭᠳᠡᠪᠡ᠃ | ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠶᠡᠭᠡ ᠬᠡᠮᠵᠢᠶ᠎ᠡ ᠪᠠᠷ ᠣᠷᠣᠵᠤ ᠢᠷᠡᠬᠦ ᠶᠢ | ᠳᠠᠭᠠᠯᠳᠤᠨ᠂ ᠥᠪᠥᠷ ᠮᠣᠩᠭᠤᠯ ᠤᠨ ᠭᠠᠳᠠᠭᠠᠳᠤ ᠠᠴᠠ ᠣᠷᠤᠭᠤᠯᠤᠯᠲᠠ ᠭᠠᠷᠭᠠᠯᠲᠠ ᠶᠢᠨ ᠲᠠᠸᠠᠷ ᠤᠨ ᠪᠦᠲᠦᠴᠡ | ᠤᠯᠠᠮ ᠨᠢᠭᠡ ᠠᠯᠬᠤᠮ ᠰᠢᠯᠢᠳᠡᠭᠵᠢᠵᠦ᠂ ᠤᠷᠤᠰ ᠮᠣᠩᠭᠤᠯ ᠯᠤᠭ᠎ᠠ ᠶᠢᠨ ᠠᠵᠤ ᠠᠬᠤᠶ ᠠᠷᠠᠯᠵᠢᠶᠠᠨ ᠤ | ᠬᠠᠮᠲᠤᠷᠠᠯᠴᠠᠭᠠᠨ ᠤ ᠬᠢᠷᠢ ᠬᠡᠮᠵᠢᠶ᠎ᠡ ᠲᠠᠰᠤᠷᠠᠯᠲᠠ ᠦᠭᠡᠶ ᠳᠡᠭᠡᠭᠰᠢᠯᠡᠵᠦ᠂ ᠬᠠᠮᠲᠤᠷᠠᠯᠴᠠᠭ᠎ᠠ ᠶᠢᠨ ᠣᠷᠣᠨ ᠪᠦᠰᠡ᠂ | ᠬᠦᠷᠢᠶ᠎ᠡ ᠬᠡᠪᠴᠢᠶ᠎ᠡ ᠲᠠᠰᠤᠷᠠᠯᠳᠠ ᠦᠭᠡᠢ ᠥᠷᠭᠡᠳᠴᠦ᠂ ᠭᠤᠣᠯ ᠴᠣᠭᠴᠠ ᠨᠢ ᠴᠤ ᠤᠯᠠᠨ ᠡᠰᠢᠵᠢᠵᠤ᠂ ᠬᠠᠮᠲᠤᠷᠠᠨ | ᠠᠵᠢᠯᠯᠠᠬᠤ ᠠᠷᠭ᠎ᠠ ᠬᠡᠯᠪᠡᠷᠢ ᠨᠢ ᠬᠠᠮᠤᠭ ᠠᠩᠬᠠᠨ ᠳᠠᠭᠠᠨ ᠪᠠᠷᠠᠭ᠎ᠠ ᠪᠠᠷ ᠪᠠᠷᠠᠭ᠎ᠠ ᠰᠣᠯᠢᠬᠤ ᠠᠷᠠᠯᠵᠢᠶ᠎ᠠ | ᠪᠠᠶᠢᠭᠰᠠᠨ ᠠᠴᠠ ᠪᠠᠨ ᠭᠤᠪᠢᠭᠤᠯᠭ᠎ᠠ ᠶᠢᠨ ᠠᠷᠠᠯᠵᠢᠶ᠎ᠠ᠂ ᠪᠣᠯᠪᠠᠰᠤᠷᠠᠭᠤᠯᠬᠤ ᠠᠷᠠᠯᠵᠢᠶ᠎ᠠ᠂ ᠵᠢᠭᠤᠯᠴᠢᠯᠠᠯ ᠵᠢᠴᠢ | ᠲᠦᠷᠦᠯ ᠰᠠᠳᠤᠨ ᠢᠶᠠᠨ ᠡᠷᠭᠢᠨᠦᠵᠡᠵᠦ ᠪᠠᠷᠠᠭ᠎ᠠ ᠬᠤᠳᠠᠯᠳᠤᠨ ᠠᠪᠬᠤ ᠠᠷᠠᠯᠵᠢᠶ᠎ᠠ᠂ ᠬᠢᠯᠢ ᠶᠢᠨ ᠮᠠᠯᠴᠢᠳ ᠤᠨ | ᠵᠠᠬ᠎ᠠ ᠶᠢᠨ ᠠᠷᠠᠯᠵᠢᠶ᠎ᠠ ᠪᠠ ᠮᠡᠷᠭᠡᠵᠢᠯ ᠤᠨ ᠠᠷᠠᠯᠵᠢᠶ᠎ᠠ ᠵᠡᠷᠭᠡ ᠪᠣᠯᠣᠨ ᠬᠤᠪᠢᠷᠠᠪᠠ᠃ ᠥᠪᠥᠷ ᠮᠣᠩᠭᠤᠯ ᠨᠢ ᠣᠷᠣᠰ᠂ | ᠮᠣᠩᠭᠤᠯ ᠳᠤ ᠨᠢᠭᠡᠨᠲᠡ ᠮᠠᠨᠵᠤᠤᠷ᠂ ᠡᠷᠢᠶᠡᠨ ᠬᠤᠲᠠ ᠬᠤᠶᠠᠷ ᠶᠡᠭᠡ ᠪᠣᠭᠤᠮᠲᠠ ᠪᠠᠷ ᠲᠤᠯᠭᠠᠭᠤᠷᠢ ᠪᠣᠯᠭᠠᠭᠰᠠᠨ ᠬᠢᠯᠢ | ᠬᠢᠵᠠᠭᠠᠷ ᠳᠠᠭᠠᠤ ᠶᠢᠨ ᠠᠵᠤ ᠠᠬᠤᠶ ᠶᠢᠨ ᠬᠤᠩᠭᠢᠯ ᠢ ᠪᠣᠢ ᠪᠣᠯᠭᠠᠪᠠ᠃ |