2016 ᠣᠨ ᠤ ᠳᠤᠮᠳᠠᠳᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠭᠦᠯᠬᠦ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠤᠷᠠᠯᠳᠤᠪᠠ
ᠨᠡᠶᠢᠲᠡᠯᠡᠭᠰᠡᠨ ᠴᠠᠭ᠄
2016/8/4
     ᠣᠶᠢᠷ᠎ᠠ ᠳᠤ᠂ 2016 ᠣᠨ ᠤ ᠳᠤᠮᠳᠠᠳᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ ᠬᠦᠭᠵᠢᠭᠦᠯᠬᠦ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠡᠬᠢᠯᠡᠪᠡ᠃ ᠤᠯᠤᠰ ᠤᠨ ᠳᠣᠲᠣᠭᠠᠳᠤ ᠭᠠᠳᠠᠭᠠᠳᠤ ᠠᠴᠠ ᠢᠷᠡᠭᠰᠡᠨ 500 ᠭᠠᠷᠤᠶ ᠲᠥᠯᠥᠭᠡᠯᠡᠭᠴᠢ ᠬᠤᠷᠠᠯ ᠳᠤ ᠤᠷᠤᠯᠴᠠᠪᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠵᠠᠩ ᠬᠠᠶ ᠹᠧᠩ ᠶᠠᠷᠢᠶᠠᠨ ᠤ ᠲᠠᠪᠴᠠᠩ ᠤᠨ ᠡᠬᠢᠯᠡᠬᠦ ᠶᠤᠰᠤᠯᠠᠯ ᠢ ᠡᠷᠬᠢᠯᠡᠪᠡ᠃      ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠤᠤᠯ ᠤᠨ ᠲᠤᠰᠬᠠᠶ ᠲᠤᠰᠢᠶᠠᠯᠲᠦ ᠭᠡᠰᠢᠭᠦᠨ᠂ ᠰᠤᠷᠭᠠᠨ ᠬᠥᠮᠦᠵᠢᠯ ᠤᠨ ᠶᠠᠮᠤᠨ ᠤ ᠳᠡᠳ᠋ ᠶᠡᠷᠦᠩᠬᠡᠶ ᠰᠢᠮᠳᠠᠭᠤᠯᠤᠨ ᠪᠠᠶᠢᠴᠠᠭᠠᠭᠴᠢ᠂ ᠳᠤᠮᠳᠠᠳᠤ ᠤᠯᠤᠰ ᠤᠨ ᠰᠦᠩ ᠴᠢᠩ ᠯᠢᠩ ᠡᠷᠲᠡ ᠦᠶ᠎ᠡ ᠶᠢᠨ ᠰᠤᠷᠭᠠᠨ ᠬᠥᠮᠦᠵᠢᠯ ᠢ ᠠᠬᠢᠭᠤᠯᠬᠤ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠲᠤᠰᠬᠠᠶ ᠮᠡᠷᠭᠡᠵᠢᠯᠲᠡᠨ ᠤ ᠵᠦᠪᠯᠡᠯ ᠤᠨ ᠡᠷᠬᠢᠯᠡᠭᠴᠢ ᠭᠦᠸᠧ ᠹᠦ᠋ ᠴᠠᠩ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠤᠯ ᠤᠨ ᠪᠦᠷᠢᠯᠳᠦᠬᠦᠨ᠂ ᠳᠤᠮᠳᠠᠳᠤ ᠤᠯᠤᠰ ᠤᠨ ᠣᠯᠢᠮᠫᠢᠺ ᠤᠨ ᠵᠥᠪᠯᠡᠯ ᠤᠨ ᠳᠡᠳ᠋ ᠲᠡᠷᠢᠭᠦᠯᠡᠭᠴᠢ᠂ ᠪᠦᠬᠦ ᠳᠤᠮᠳᠠᠳᠤ ᠶᠢᠨ ᠪᠡᠶ᠎ᠡ ᠶᠢᠨ ᠲᠠᠮᠢᠷ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠦ᠋ ᠴᠢ᠂ ᠳᠤᠮᠳᠠᠳᠤ ᠤᠯᠤᠰ ᠤᠨ ᠰᠦᠩ ᠴᠢᠩ ᠯᠢᠩ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠠᠵᠢᠯ ᠦᠢᠯᠡᠰ ᠬᠥᠭᠵᠢᠭᠦᠯᠬᠦ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ᠂ ᠳᠤᠮᠳᠠᠳᠤ ᠤᠯᠤᠰ ᠤᠨ ᠰᠦᠩ ᠴᠢᠩ ᠯᠢᠩ ᠡᠷᠲᠡ ᠦᠶ᠎ᠡ ᠶᠢᠨ ᠰᠤᠷᠭᠠᠨ ᠬᠥᠮᠦᠵᠢᠯ ᠢ ᠠᠬᠢᠭᠤᠯᠬᠤ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠴᠧᠨ ᠶᠤᠸᠠᠢ ᠰᠢᠶᠠᠨ᠂ ᠪᠦᠬᠦ ᠤᠯᠤᠰ ᠤᠨ ᠬᠡᠦᠬᠡᠳ ᠤᠨ ᠪᠡᠶ᠎ᠡ ᠶᠢᠨ ᠲᠠᠮᠢᠷ ︵ᠪᠥᠮᠪᠦᠭᠡ︶ ᠶᠢᠨ ᠲᠦᠷᠦᠯ ᠤᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠵᠥᠪᠯᠡᠯ ᠤᠨ ᠡᠷᠬᠢᠯᠡᠭᠴᠢ ᠬᠤ᠋ ᠵᠢᠶᠡᠨ ᠭᠦᠸᠧ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠳ᠋ᠧᠦ ᠬᠦᠶ ᠵᠢᠶᠦ᠋ᠨ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ᠡᠦ ᠭᠠᠩ ᠵᠢᠴᠢ ᠮᠣᠩᠭᠤᠯ ᠤᠯᠤᠰ ᠤᠨ ᠤᠯᠤᠰ ᠤᠨ ᠰᠤᠷᠭᠠᠨ ᠬᠥᠮᠦᠵᠢᠯ ᠤᠨ ᠶᠡᠭᠡ ᠰᠤᠷᠭᠠᠭᠤᠯᠢ᠂ ᠬᠤᠸᠠᠳᠦ᠋ᠩ ᠤᠨ ᠪᠠᠭᠰᠢ ᠶᠢᠨ ᠶᠡᠭᠡ ᠰᠤᠷᠭᠠᠭᠤᠯᠢ᠂ ᠱᠧᠨᠵᠧᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠠ ᠤᠯᠤᠰ ᠤᠨ ᠳᠣᠲᠣᠭᠠᠳᠤ ᠶᠢᠨ ᠬᠡᠰᠡᠭ ᠬᠡᠦᠬᠡᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ᠂ ᠠᠵᠤ ᠠᠬᠤᠶᠢᠯᠠᠯ ᠤᠨ ᠲᠥᠯᠥᠭᠡᠯᠡᠭᠴᠢ ᠨᠠᠷ ᠬᠤᠷᠠᠯ ᠡᠬᠢᠯᠡᠬᠦ ᠶᠣᠰᠣᠯᠠᠯ ᠳᠤ ᠣᠷᠣᠯᠴᠠᠪᠠ᠃       ᠬᠤᠷᠠᠯ ᠳᠤ ᠪᠠᠰᠠ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ᠂ ᠡᠷᠳᠡᠮᠲᠡᠨ᠂ ᠬᠡᠦᠬᠡᠳ ᠤᠨ ᠴᠡᠴᠡᠷᠯᠢᠭ ᠤᠨ ᠳᠠᠷᠤᠭ᠎ᠠ᠂ ᠪᠠᠭᠰᠢ ᠨᠠᠷ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠳᠤᠷᠢᠳᠤᠯᠭ᠎ᠠ ᠨᠠᠷ ᠤᠷᠤᠯᠴᠠᠪᠠ᠃      ᠶᠦᠨ ᠭᠦᠸᠧ ᠬᠤᠩ ᠵᠠᠬᠢᠷᠤᠯ ᠶᠠᠷᠢᠶᠠᠨ ᠳᠠᠭᠠᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠵᠠᠶ᠃ ᠲᠡᠷᠡ ᠬᠡᠯᠡᠭᠰᠡᠨ ᠨᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠢ ᠨᠢᠭᠡᠨᠲᠡ 30 ᠭᠠᠷᠤᠶ ᠵᠢᠯ ᠡᠷᠬᠢᠯᠡᠭᠡᠳ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠳᠣᠲᠣᠷ᠎ᠠ ᠴᠤᠷ ᠤᠨ ᠭᠠᠭᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠮᠡᠬᠢᠰᠲᠷ ᠤᠨ ᠡᠷᠳᠡᠮ ᠤᠨ ᠴᠣᠯᠠ ᠣᠯᠭᠤᠬᠤ ᠴᠢᠬ ᠪᠦᠬᠦᠢ ᠨᠢᠭᠡᠴᠢ ᠪᠤᠯᠤᠨ᠎ᠠ᠂ ᠬᠥᠮᠦᠵᠢᠭᠦᠯᠦᠭᠰᠡᠨ ᠮᠠᠰᠢ ᠤᠯᠠᠨ ᠰᠢᠯᠢᠳᠡᠭ ᠰᠤᠷᠤᠭᠴᠢᠳ ᠤᠨ ᠤᠯᠠᠩᠬᠢ ᠨᠢ ᠪᠦᠷ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠬᠢᠭᠡᠳ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠨᠢᠭᠡᠳᠦᠭᠡᠷ ᠹᠠᠷᠤᠨᠲ ᠳᠤ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠹᠷᠣᠨᠲ ᠤᠨ ᠭᠤᠣᠯᠯᠠᠭᠴᠢ ᠬᠦᠴᠦᠨ ᠪᠤᠯᠵᠠᠢ᠃ ᠶᠦᠨ ᠵᠠᠬᠢᠷᠤᠯ ᠵᠢᠭᠠᠭᠰᠠᠨ ᠨᠢ᠂ ᠣᠳᠣᠬᠠᠨ ᠳᠤ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠨᠢ ᠥᠪᠡᠷ ᠤᠨ ᠰᠤᠳᠤᠯᠭᠠᠨ ᠤ ᠲᠦ᠋ᠷᠦᠯ ᠵᠦᠢᠯ ᠤᠨ ᠣᠨᠴᠠᠯᠢᠭ ᠪᠠ ᠳᠠᠪᠠᠭᠤᠯᠢᠭ ᠲᠠᠯ᠎ᠠ ᠲᠠᠢ ᠪᠠᠨ ᠤᠶᠠᠯᠳᠤᠭᠤᠯᠤᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠢᠷᠡᠭᠡᠳᠦᠶ ᠶᠢ ᠬᠢᠨᠠᠮᠠᠭᠠᠶ ᠲᠥᠯᠥᠪᠯᠡᠵᠦ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠴᠠᠭ ᠦᠶ᠎ᠡ ᠶᠢᠨ ᠤᠷᠤᠰᠬᠠᠯ ᠳᠤ ᠢᠳᠡᠪᠬᠢᠲᠡᠶ ᠤᠷᠤᠯᠴᠠᠪᠠ ᠭᠡᠪᠡ᠃ ᠲᠡᠷᠡ ᠬᠡᠯᠡᠭᠰᠡᠨ ᠨᠢ᠂ ᠡᠨᠡ ᠤᠳᠠᠭ᠎ᠠ ᠶᠢᠨ ᠶᠠᠷᠢᠶᠠᠨ ᠤ ᠲᠠᠪᠴᠠᠩ ᠤᠨ ᠬᠤᠷᠠᠯ ᠬᠤᠷᠠᠯᠳᠤᠭᠤᠯᠤᠭᠰᠠᠨ ᠶᠠᠪᠤᠳᠠᠯ ᠨᠢ᠂ ᠲᠤᠰᠬᠠᠶ ᠮᠡᠷᠭᠡᠵᠢᠯᠲᠡᠨ ᠡᠷᠳᠡᠮᠲᠡᠳ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠰᠢᠨᠵᠢᠯᠡᠨ ᠰᠤᠳᠤᠯᠬᠤ ᠳᠤ ᠰᠠᠶᠢᠨ ᠰᠠᠶᠢᠬᠠᠨ ᠲᠠᠪᠴᠠᠩ ᠢ ᠴᠤᠭᠴᠠᠯᠠᠨ ᠦᠭᠴᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠦᠷᠢᠶᠡᠨ ᠳᠠᠬᠢ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ ᠶᠢ ᠯᠠᠪᠲᠠᠢ ᠠᠬᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠡᠷᠡᠭᠦᠯ ᠢᠳᠡᠷᠡᠭᠦᠨ ᠬᠦᠭᠵᠢᠯᠲᠡ ᠶᠢ ᠠᠬᠢᠭᠤᠯᠬᠤ ᠪᠤᠯᠤᠨ᠎ᠠ ᠭᠡᠪᠡ᠃      ᠣᠶᠢᠯᠠᠭᠠᠭᠰᠠᠨ ᠢᠶᠠᠷ᠂ ᠬᠤᠷᠠᠯ ᠤᠨ ᠬᠤᠭᠤᠴᠠᠭᠠᠨ ᠳᠤ ᠪᠠᠰᠠ ᠭᠤᠷᠪᠠᠨ ᠬᠤᠪᠢᠶᠠᠷᠢ ᠶᠠᠷᠢᠶᠠᠨ ᠤ ᠲᠠᠪᠴᠠᠩ ᠡᠷᠬᠢᠯᠡᠵᠦ᠂ ᠲᠤᠰ ᠲᠤᠰ ︽ᠬᠡᠦᠬᠡᠳ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠪᠠ ᠵᠢᠵᠢᠭ ᠬᠦᠯ ᠪᠦᠮᠪᠦᠭᠡ ᠶᠢ ᠲᠦᠭᠡᠮᠡᠯᠵᠢᠭᠦᠯᠦᠨ᠂ ᠳᠡᠯᠭᠡᠷᠡᠭᠦᠯᠬᠦ ᠲᠤᠬᠠᠢ︾᠂ ︽0 - 3 ᠨᠠᠰᠤᠲᠠᠶ ᠬᠡᠦᠬᠡᠳ ᠤᠨ ᠠᠩᠬᠠᠨ ᠤ ᠬᠥᠮᠦᠵᠢᠯ︾᠂ ︽ᠬᠡᠦᠬᠡᠳ ᠤᠨ ᠴᠡᠴᠡᠷᠯᠢᠭ ᠤᠨ ᠪᠠᠭᠰᠢ ᠶᠢ ᠬᠥᠮᠦᠵᠢᠭᠦᠯᠬᠦ ᠪᠠ ᠪᠣᠯᠪᠠᠰᠤᠷᠠᠭᠤᠯᠬᠤ︾᠂ ︽ᠢᠨᠲ᠋ᠧᠷ ᠰᠦᠯᠵᠢᠶ᠎ᠡ + ᠴᠠᠭ ᠦᠶ᠎ᠡ ᠶᠢᠨ ᠬᠡᠦᠬᠡᠳ ᠤᠨ ᠴᠡᠴᠡᠷᠯᠢᠭ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠬᠠᠨᠳᠤᠰᠢ︾ ᠵᠡᠷᠭᠡ ᠭᠤᠣᠯ ᠰᠡᠳᠦᠪ ᠢᠶᠠᠷ ᠭᠦᠨᠵᠡᠭᠡᠶ ᠰᠤᠯᠢᠯᠴᠠᠨ ᠶᠠᠷᠢᠯᠴᠠᠵᠠᠭᠠᠪᠠ᠃      ᠳᠤᠮᠳᠠᠳᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠬᠦᠭᠵᠢᠯᠲᠡ ᠶᠢᠨ ᠳᠡᠭᠡᠳᠦ ᠲᠠᠰ ᠤᠨ ᠶᠠᠷᠢᠶᠠᠨ ᠤ ᠲᠠᠪᠴᠠᠩ ᠤᠨ ᠬᠤᠷᠠᠯ ᠪᠤᠯ ᠳᠤᠮᠳᠠᠳᠤ ᠤᠯᠤᠰ ᠤᠨ ᠰᠦᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠡᠭᠦᠰᠭᠡᠨ ᠡᠷᠬᠢᠯᠡᠵᠦ᠂ ᠳᠤᠮᠳᠠᠳᠤ ᠤᠯᠤᠰ ᠤᠨ ᠰᠦᠩ ᠴᠢᠩ ᠯᠢᠩ ᠡᠷᠲᠡ ᠦᠶ᠎ᠡ ᠶᠢᠨ ᠰᠤᠷᠭᠠᠨ ᠬᠥᠮᠦᠵᠢᠯ ᠢ ᠠᠬᠢᠭᠤᠯᠬᠤ ᠨᠡᠶᠢᠭᠡᠮᠯᠢᠭ᠂ ᠳᠤᠮᠳᠠᠳᠤ ᠤᠯᠤᠰ ᠤᠨ ᠰᠦᠩ ᠴᠢᠩ ᠯᠢᠩ ᠰᠠᠭᠤᠷᠢ ᠮᠥᠩᠭᠦᠨ ᠤ ᠨᠡᠶᠢᠭᠡᠮᠯᠢᠭ ᠤᠨ ᠠᠵᠢᠯ ᠦᠢᠯᠡᠰ ᠬᠥᠭᠵᠢᠭᠦᠯᠬᠦ ᠲᠥᠪ ᠭᠤᠣᠯᠯᠠᠨ ᠡᠷᠭᠢᠯᠡᠵᠦ᠂ ᠬᠡᠦᠬᠡᠳ ᠤᠨ ᠳᠤᠮᠤᠭ ᠤᠨ ᠳᠤᠲᠤᠷᠠᠬᠢ ᠰᠣᠶᠣᠯ ᠤᠨ ᠤᠯᠠᠮᠵᠢᠯᠠᠬᠤ ᠵᠠᠭᠤᠴᠢ ︵ᠪᠡᠭᠡᠵᠢᠩ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠ ᠤᠯᠤᠰ ᠤᠨ ᠳᠣᠲᠣᠭᠠᠳᠤ ᠶᠢᠨ ᠠᠯᠳᠠᠷᠲᠤ ᠶᠡᠭᠡ ᠳᠡᠭᠡᠳᠦ ᠰᠤᠷᠭᠠᠭᠤᠯᠢ ᠬᠠᠮᠲᠤᠷᠠᠨ ᠳᠠᠭᠠᠭᠠᠴᠢᠯᠠᠨ ᠡᠷᠭᠢᠯᠡᠭᠰᠡᠨ ᠤᠯᠤᠰ ᠤᠨ ᠳᠣᠲᠣᠭᠠᠳᠤ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠤᠭ ᠤᠨ ᠥᠨᠳᠥᠷ ᠬᠢᠷᠢ ᠲᠦᠪᠰᠢᠨ ᠪᠦᠬᠦᠢ ᠬᠤᠷᠠᠯᠳᠤᠭᠠᠨᠲᠤ ᠶᠠᠷᠢᠶᠠᠨ ᠤ ᠲᠠᠪᠴᠠᠩ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号