ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠵᠥᠪᠯᠡᠯ ᠪᠠᠴᠢᠮ ᠮᠡᠳᠡᠭᠳᠡᠯ ᠪᠠᠭᠤᠯᠭᠠᠵᠤ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠢᠴᠢ ᠦᠶᠡᠷ ᠤᠨ ᠬᠤᠭᠤᠴᠠᠭᠠᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ
ᠨᠡᠶᠢᠲᠡᠯᠡᠭᠰᠡᠨ ᠴᠠᠭ᠄
2016/8/4
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠵᠥᠪᠯᠡᠯ ︽ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ᠢ ᠪᠠᠭᠤᠯᠭᠠᠪᠠ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠰᠢ ᠶᠢᠨ ᠫᠢᠩ ᠶᠡᠷᠦᠩᠬᠡᠶ ᠱᠦᠵᠢ᠂ ᠯᠢ ᠺᠧ ᠴᠢᠶᠠᠩ ᠶᠡᠷᠦᠩᠬᠡᠶ ᠰᠠᠶᠢᠳ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ 7 ᠳ᠋ᠤᠭᠠᠷ ᠰᠠᠷ᠎ᠠ ᠶᠢᠨ 20 ᠤ ᠡᠳᠦᠷ ᠪᠣᠯᠣᠭᠰᠠᠨ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠶ ᠲᠧᠯᠸᠢᠰ ᠳ᠋ᠢᠶᠠᠩᠬᠤᠸᠠ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠢᠴᠢ ᠦᠶᠡᠷ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠢ ᠰᠡᠷᠭᠡᠶᠢᠯᠡᠬᠦ ᠬᠡᠷᠡᠭᠲᠡᠢ᠃ ᠣᠳᠣᠬᠠᠨ ᠳᠤ ᠮᠠᠨ ᠤ ᠣᠷᠣᠨ ᠤ ᠶᠠᠭ ᠥᠷᠨᠢᠭᠦᠯᠵᠦ ᠪᠠᠶᠢᠭ᠎ᠠ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠲᠠᠢ ᠨᠢᠭᠲᠠ ᠵᠣᠯᠭᠠᠯᠳᠤᠭᠤᠯᠵᠤ᠂ ᠶᠡᠭᠡ ᠪᠠᠶᠢᠴᠠᠭᠠᠯᠲᠠ ᠶᠢᠨ ᠭᠤᠣᠯ ᠠᠭᠤᠯᠭ᠎ᠠ ᠪᠣᠯᠭᠠᠨ ᠴᠢᠩᠭ᠎ᠠ ᠠᠳᠬᠤᠨ ᠨᠠᠶᠢᠳᠠᠪᠤᠷᠢᠵᠢᠭᠤᠯᠬᠤ ᠬᠡᠷᠡᠭᠲᠡᠶ᠃ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠠᠷᠢᠶ᠎ᠠ ᠭᠠᠵᠠᠷ ᠲᠠᠬᠢ ᠬᠠᠮᠢᠶᠠᠷᠤᠯᠲᠠ ᠶᠢᠨ ᠬᠠᠷᠢᠭᠤᠴᠠᠯᠭ᠎ᠠ ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠪᠣᠳᠠᠲᠠᠶ ᠪᠠᠶᠢᠳᠠᠯ ᠲᠠᠢ ᠤᠶᠠᠯᠳᠤᠭᠤᠯᠤᠨ᠂ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠣᠳᠣᠬᠠᠨ ᠤ ᠠᠶᠤᠯ ᠥᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠢᠴᠢ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠰᠡᠷᠭᠡᠶᠢᠯᠡᠬᠦ ᠠᠵᠢᠯ ᠢ ᠲᠡᠬᠢᠨ ᠴᠢᠬᠤᠯᠠᠴᠢᠯᠠᠵᠤ᠂ ᠳᠠᠬᠢᠨᠲᠠ ᠪᠠᠶᠢᠷᠢᠯᠠᠭᠤᠯᠵᠦ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠦᠶᠡᠷ ᠤᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠭᠤᠣᠯᠳᠠᠯᠭ᠎ᠠ ᠲᠠᠢ ᠤᠶᠠᠯᠳᠤᠭᠤᠯᠵᠤ᠂ ᠪᠣᠳᠠᠲᠠᠶ ᠠᠵᠢᠯ ᠤᠨ ᠲᠥᠰᠦᠯ ᠪᠣᠯᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠶ ᠪᠠᠷ ᠲᠣᠭᠲᠠᠭᠠᠵᠤ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠰᠢᠷᠦᠭᠦᠨ ᠪᠣᠷᠣᠭᠠᠨ᠂ ᠶᠡᠭᠡ ᠰᠠᠯᠬᠢ ᠵᠡᠷᠭᠡ ᠮᠠᠭᠤ ᠠᠭᠤᠷ ᠠᠮᠢᠰᠬᠤᠯ ᠲᠣᠬᠢᠶᠠᠯᠳᠤᠬᠤ ᠦᠶᠡᠰ ᠲᠣᠭᠲᠠᠭᠠᠯ ᠶᠣᠰᠣᠭᠠᠷ ᠡᠷᠬᠡᠪᠰᠢ ᠡᠩ ᠲᠡᠷᠢᠭᠦᠨ ᠳᠤ ᠦᠢᠯᠡᠳᠪᠦᠷᠢᠯᠡᠯ ᠢ ᠵᠣᠭᠰᠣᠭᠠᠨ ᠬᠥᠮᠦᠨ ᠢ ᠲᠠᠷᠬᠠᠭᠠᠵᠤ᠂ ᠠᠵᠢᠯᠯᠠᠬᠤ ᠪᠠ ᠡᠵᠡᠩᠨᠡᠬᠦ ᠶᠢ ᠵᠣᠭᠰᠣᠭᠠᠬᠤ ᠬᠡᠷᠡᠭᠲᠡᠢ᠃ ᠦᠶᠡᠷ ᠤᠨ ᠬᠤᠭᠤᠴᠠᠭᠠᠨ ᠳᠤ ᠤᠳᠤᠷᠢᠳᠬᠤ ᠺᠠᠳ᠋ᠷᠴᠤᠳ ᠳᠠᠭᠠᠭᠤᠯᠤᠨ ᠵᠢᠵᠢᠭᠦᠷᠯᠡᠬᠦ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠦᠶᠡᠷ ᠤᠨ ᠬᠤᠭᠤᠴᠠᠭᠠᠨ ᠤ ᠦᠶᠡᠷ ᠤᠨ ᠪᠠᠶᠢᠳᠠᠯ᠂ ᠭᠠᠮᠰᠢᠭ ᠤᠨ ᠪᠠᠶᠢᠳᠠᠯ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡ᠊ᠨᠳᠡᠯ ᠭᠠᠷᠬᠤ ᠪᠤᠶᠤ ᠪᠠᠴᠢᠮ ᠪᠠᠶᠢᠳᠠᠯ ᠲᠣᠬᠢᠶᠠᠯᠳᠤᠬᠤ ᠦᠶᠡᠰ᠂ ᠪᠤᠰᠢᠭᠤ ᠲᠦᠷᠭᠡᠨ ᠳᠤᠰᠬᠠᠯ ᠭᠠᠷᠭᠠᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠶ᠃ ᠦᠶᠡᠷ ᠤᠨ ᠬᠤᠭᠤᠴᠠᠭᠠᠨ ᠳᠤ ᠠᠶᠤᠯ ᠥᠭᠡᠢ ᠦᠢᠯᠡᠳᠪᠦᠷᠢᠯᠡᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠠᠵᠢᠯᠯᠠᠵᠤ ᠪᠠᠶᠢᠭ᠎ᠠ ᠬᠥᠮᠦᠰ ᠵᠢᠴᠢ ᠨᠡᠶᠢᠭᠡᠮ ᠤᠨ ᠠᠷᠠᠳ ᠢᠷᠭᠡᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠪᠣᠯᠤᠨ ᠪᠠᠴᠢᠮ ᠪᠠᠶᠢᠳᠠᠯ ᠳᠤ ᠥᠪᠡᠷ ᠢ ᠪᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠦᠶᠡᠷ ᠤᠨ ᠬᠤᠭᠤᠴᠠᠭᠠᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠢ ᠲᠦᠮᠡᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠶᠢ ᠰᠠᠶᠢᠲᠤᠷ ᠬᠢᠬᠦ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号