ᠬᠥᠯᠥᠨ ᠨᠠᠭᠤᠷ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠬᠠᠤᠯᠢ ᠶᠢᠨ ᠬᠠᠮᠠᠭᠠᠯᠠᠯᠲᠠ ᠶᠢ ᠤᠯᠪᠠ
ᠨᠡᠶᠢᠲᠡᠯᠡᠭᠰᠡᠨ ᠴᠠᠭ᠄
2016/8/4
      ᠥᠪᠥᠷ ᠮᠣᠩᠭᠤᠯ ᠤᠨ ᠨᠢᠭᠡᠳᠦᠭᠡᠷ ᠲᠣᠮᠣ ᠨᠠᠭᠤᠷ᠂ ᠳᠤᠮᠳᠠᠳᠤ ᠤᠯᠤᠰ ᠤᠨ ᠳᠥᠷᠪᠡᠳᠦᠭᠡᠷ ᠶᠡᠭᠡ ᠴᠡᠩᠭᠡᠭ ᠨᠠᠭᠤᠷ ᠪᠤᠯᠤᠭᠰᠠᠨ ᠤ ᠬᠤᠪᠢ ᠳᠤ᠂ ᠬᠥᠯᠥᠨ ᠨᠠᠭᠤᠷ ᠨᠢ ᠢᠮᠠᠭᠲᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠬᠠᠯᠬᠠᠪᠴᠢ ᠶᠢᠨ ᠴᠢᠬᠤᠯᠠ ᠪᠦᠷᠢᠯᠳᠦᠬᠦᠨ ᠬᠡᠰᠡᠭ ᠪᠤᠯᠵᠤ᠂ ᠠᠭᠤᠷ ᠠᠮᠢᠰᠬᠤᠯ ᠢ ᠲᠣᠬᠢᠷᠠᠭᠤᠯᠬᠤ᠂ ᠤᠰᠤᠨ ᠤ ᠰᠤᠷᠪᠤᠯᠵᠢ ᠶᠢ ᠬᠠᠳᠠᠭᠠᠯᠠᠬᠤ᠂ ᠤᠰᠤᠨ ᠤ ᠴᠢᠨᠠᠷ ᠢ ᠴᠡᠪᠡᠷᠰᠢᠭᠦᠯᠬᠦ᠂ ᠨᠡᠭᠦᠷᠡᠰᠦᠲᠥ᠋ᠷᠥᠭᠴᠢ ᠶᠢᠨ ᠡᠷᠭᠢᠯᠲᠡ ᠶᠢ ᠬᠡᠪ ᠢᠶᠠᠷ ᠪᠠᠶᠢᠯᠭᠠᠬᠤ᠂ ᠨᠤᠲᠤᠭ ᠪᠡᠯᠴᠢᠭᠡᠷ ᠢ ᠤᠮᠳᠠᠯᠠᠨ ᠬᠠᠮᠠᠭᠠᠯᠠᠬᠤ᠂ ᠴᠦᠯᠡᠷᠭᠡᠭᠵᠢᠯ ᠢ ᠰᠡᠷᠬᠡᠶᠢᠯᠡᠬᠦ ᠵᠢᠴᠢ ᠡᠷᠬᠢᠨ ᠲᠣᠭᠤᠷᠢᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠢ ᠲᠡᠩᠴᠡᠭᠦᠷᠢᠰᠢᠬᠦᠯᠬᠦ ᠵᠡᠷᠭᠡ ᠠᠮᠢ ᠠᠬᠤᠶ ᠶᠢᠨ ᠴᠢᠬᠤᠯᠠ ᠴᠢᠳᠠᠮᠵᠢ ᠶᠢ ᠪᠠᠳᠠᠷᠠᠭᠤᠯᠪᠠ᠂ ᠲᠡᠭᠦᠨ ᠤ ᠠᠮᠢ ᠠᠬᠤᠶ ᠶᠢᠨ ᠪᠠᠶᠢᠳᠠᠯ ᠨᠢ ᠬᠥᠯᠥᠨ ᠪᠤᠶᠢᠷ ᠤᠨ ᠲᠠᠯ᠎ᠠ ᠨᠤᠲᠤᠭ ᠬᠢᠭᠡᠳ ᠡᠷᠬᠢᠨ ᠲᠣᠭᠤᠷᠢᠨ ᠤ ᠠᠮᠢᠲᠠᠨ ᠵᠢᠷᠭᠤᠭᠠᠨ ᠵᠦᠢᠯ ᠲᠠᠢ ᠨᠢᠭᠲᠠ ᠬᠤᠯᠪᠣᠭ᠎ᠠ ᠲᠠᠢ ᠶᠤᠮ᠃      7 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠨᠠᠭᠤᠷ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠥᠷᠢᠮ︾ ᠢ ᠬᠢᠨᠠᠨ ᠪᠠᠲᠤᠯᠠᠵᠤ᠂ ᠬᠥᠯᠥᠨ ᠨᠠᠭᠤᠷ ᠢ ᠬᠠᠮᠠᠭᠠᠯᠠᠬᠤ ᠡᠯ᠎ᠡ ᠵᠠᠩᠭᠢᠯᠠᠭ᠎ᠠ  ᠶᠢᠨ ᠭᠤᠭᠴᠤᠭ᠎ᠠ ᠳᠤ ᠲᠣᠭᠲᠠᠭᠠᠯ ᠭᠠᠷᠭᠠᠭᠰᠠᠨ ᠪᠠᠶᠢᠨ᠎ᠠ᠃      ᠳᠦᠷᠢᠮ ᠳᠤ ᠬᠥᠯᠥᠨ ᠨᠠᠭᠤᠷ ᠣᠯᠠᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠶᠢ ᠲᠤᠲᠤᠷᠬᠠᠶᠢᠯᠠᠪᠠ᠄ ᠬᠠᠮᠠᠭᠠᠯᠠᠯᠲᠠ ᠶᠢᠨ ᠣᠷᠣᠨ ᠨᠢ ᠬᠥᠯᠥᠨ ᠪᠤᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠮᠠᠨᠵᠤᠤᠷ ᠬᠤᠳᠠ᠂ ᠵᠠᠯᠠᠶᠢᠨᠠᠭᠤᠷ ᠣᠷᠣᠨ ᠤ ᠬᠢᠯᠢ ᠶᠢᠨ ᠳᠣᠲᠣᠷ᠎ᠠ ᠪᠠᠶᠢᠷᠢᠯᠠᠵᠤ᠂ ᠵᠡᠷᠯᠢᠭ ᠠᠮᠢᠲᠠᠳ ᠤᠨ ᠲᠦᠷᠦᠯ ᠬᠡᠯᠪᠡᠷᠢ᠂ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠲᠦᠷᠦᠯ ᠬᠡᠯᠪᠡᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠲᠦᠷᠦᠯ ᠬᠡᠯᠪᠡᠷᠢ ᠳᠤ ᠬᠠᠷᠢᠶᠠᠯᠠᠭᠳᠠᠬᠤ ᠶᠡᠷᠦᠩᠬᠡᠶᠢᠯᠡᠭᠰᠡᠨ ᠬᠡᠯᠪᠡᠷᠢ ᠪᠦᠬᠦᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠤᠯᠤᠨ᠎ᠠ᠂ ᠬᠠᠮᠠᠭᠠᠯᠠᠯᠲᠠ ᠶᠢᠨ ᠲᠠᠯᠠᠪᠠᠶ᠂ ᠵᠠᠭᠠᠭ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠭᠰᠡᠨ ᠲᠠᠯᠠᠪᠠᠶ᠂ ᠵᠠᠭᠠᠭ ᠢᠶᠠᠷ ᠪᠠᠷᠢᠮᠵᠢᠶ᠎ᠠ ᠪᠣᠯᠭᠠᠨ᠎ᠠ᠃ ᠳᠦᠷᠢᠮ ᠳᠤ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠯᠢ ᠣᠯᠠᠨ ᠴᠠᠭᠠᠵᠠᠯᠠᠬᠤ ᠠᠵᠢᠯᠯᠠᠭ᠎ᠠ ᠶᠢ ᠲᠤᠲᠤᠷᠬᠠᠶᠢᠯᠠᠪᠠ᠃ ᠬᠤᠶᠢᠰᠢᠳᠠ ᠬᠥᠯᠥᠨ ᠨᠠᠭᠤᠷ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠵᠢᠭᠠᠰᠤᠨ ᠤ ᠲᠦᠷᠦᠯ ᠵᠡᠷᠭᠡ ᠤᠰᠦᠠ ᠤ ᠠᠮᠢᠳᠡᠠ ᠤ ᠨᠡᠭᠦᠳᠡᠯᠯᠡᠬᠦ ᠵᠠᠮ ᠢ ᠡᠪᠳᠡᠬᠦ᠂ ᠰᠢᠪᠠᠭᠤᠨ ᠤ ᠥᠨᠳᠡᠭᠡ ᠲᠡᠭᠦᠬᠦ᠂ ᠰᠢᠪᠠᠭᠤᠨ ᠤ ᠡᠭᠦᠷ ᠢ ᠡᠪᠳᠡᠬᠦ ᠵᠡᠷᠭᠡ ᠰᠢᠪᠠᠭᠤᠨ ᠤ ᠲᠥᠷᠥᠯ ᠵᠢᠴᠢ ᠪᠤᠰᠤᠳ ᠬᠡᠭᠡᠷ᠎ᠡ ᠶᠢᠨ ᠠᠮᠢᠲᠠᠨ ᠤ ᠦᠷᠡᠵᠢᠬᠦ ᠣᠷᠣᠨ ᠵᠢᠴᠢ ᠲᠡᠭᠦᠨ ᠤ ᠤᠷᠤᠰᠢᠬᠤ ᠤᠷᠤᠨ ᠪᠠᠶᠢᠷᠢ ᠶᠢ ᠡᠪᠳᠡᠬᠦ ᠵᠡᠷᠭᠡ ᠦᠢᠯᠡ ᠠᠵᠢᠯᠯᠠᠭ᠎ᠠ ᠶᠢ ᠴᠥᠮ ᠬᠠᠤᠯᠢ ᠶᠣᠰᠣᠭᠠᠷ ᠰᠢᠳᠬᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号