ᠥᠪᠥᠷ ᠮᠣᠩᠭᠤᠯ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠦᠬᠦᠪᠦᠷᠢ ᠶᠢᠨ ᠪᠡᠯᠡ ᠮᠥᠩᠭᠦ 3000 ᠲᠦᠮᠡᠨ ᠲᠦᠬᠦᠷᠢᠭ ᠪᠠᠴᠢᠮ ᠪᠠᠭᠤᠯᠭᠠᠪᠠ
ᠨᠡᠶᠢᠲᠡᠯᠡᠭᠰᠡᠨ ᠴᠠᠭ᠄
2016/8/5
     ᠡᠨᠡ ᠵᠢᠯ ᠤᠨ ᠦᠶᠡᠷ ᠤᠨ ᠬᠤᠭᠤᠴᠠᠭ᠎ᠠ ᠠᠴᠠ ᠨᠠᠰᠢ᠂ ᠬᠡᠲᠤ ᠬᠡᠴᠡᠭᠦᠦ ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠥᠪᠦᠷ ᠮᠤᠩᠭᠤᠯ ᠳᠤ ᠰᠡᠯᠬᠢ ᠮᠦᠨᠳᠦᠷ᠂ ᠦᠶᠡᠷ ᠤᠰᠤᠳᠤᠯ ᠤᠨ ᠭᠠᠮᠰᠢᠭ ᠤᠯᠠᠨᠳᠠ ᠭᠠᠷᠴᠦ᠂ ᠢᠯᠠᠩᠭᠤᠶ᠎ᠠ ᠭᠠᠩ ᠬᠠᠭᠰᠠᠷᠠᠭᠠᠨ ᠪᠣᠯᠣᠭᠰᠠᠨ ᠪᠠ ᠡᠷᠲᠡ ᠬᠢᠷᠠᠭᠤ ᠤᠨᠠᠭᠰᠠᠨ ᠪᠥᠭᠡᠳ ᠦᠷᠭᠦᠯᠵᠢᠯᠡᠨ ᠰᠢᠷᠦᠭᠦᠰᠦᠭᠡᠳ᠂ ᠭᠡᠰᠡᠭ ᠭᠠᠵᠠᠷ ᠤᠷᠤᠨ ᠤ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠪᠣᠯᠣᠨ ᠦᠢᠯᠡᠳᠪᠤᠷᠢᠯᠡᠯ ᠠᠮᠢᠳᠤᠷᠠᠯ ᠢ ᠬᠦᠨᠳᠦ ᠨᠤᠴᠢᠳᠠᠢ ᠨᠦᠯᠦᠭᠡᠯᠡᠪᠡ᠃ 8 ᠳ᠋ᠤᠭᠠᠷ ᠰᠠᠷ᠎ᠠ ᠶᠢᠨ 2᠎ ᠤᠨ ᠡᠳᠦᠷ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠠᠴᠠ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠨᠦᠬᠦᠪᠦᠷᠢ ᠤ ᠪᠡᠯᠡ ᠮᠥᠩᠭᠦ 3000 ᠲᠦᠮᠡᠨ ᠲᠦᠬᠦᠷᠢᠭ ᠪᠠᠴᠢᠮ ᠪᠠᠭᠤᠯᠭᠠᠵᠦ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠬᠡᠷᠡᠭᠯᠡᠪᠡ᠃        ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ᠂ ᠡᠯ᠎ᠡ ᠭᠠᠵᠠᠷ ᠣᠷᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠤᠨ ᠠᠮᠢᠳᠤᠷᠠᠯ ᠤᠨ ᠲᠤᠰᠠᠯᠠᠮᠵᠢ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢᠨ ᠱᠠᠭᠠᠷᠳᠠᠯᠭ᠎ᠠ ᠶᠣᠰᠣᠭᠠᠷ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨ ᠬᠦ ᠪᠠᠲᠤᠯᠠᠬᠤ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠯ᠎ᠡ ᠲᠦᠷᠤᠯ ᠤᠨ ᠲᠡᠩᠬᠡᠷᠡᠭᠦᠯᠦᠨ ᠲᠤᠰᠠᠯᠠᠬᠤ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃      ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠭᠠᠢ ᠭᠠᠮᠰᠢᠭ ᠢ ᠪᠠᠭᠠᠰᠬᠠᠬᠤ ᠵᠥᠪᠯᠡᠯ ᠪᠠᠰᠠ ᠰᠢᠷᠦᠭᠦᠨ ᠪᠣᠷᠣᠭᠠᠨ ᠤ ᠶᠠᠪᠤᠴᠠ ᠳᠤ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠢ ᠪᠠᠴᠢᠮ ᠮᠡᠳᠡᠭᠳᠡᠯ ᠪᠠᠭᠤᠯᠭᠠᠵᠤ᠂ ᠡᠯ᠎ᠡ ᠠᠶᠢᠮᠠᠭ ᠬᠤᠳᠠ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠬᠤᠳᠠ ᠬᠥᠳᠡᠭᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠪᠠᠴᠢᠮ ᠲᠠᠷᠬᠠᠭᠠᠨ ᠰᠢᠯᠵᠢᠭᠦᠯᠬᠦ ᠲᠥᠰᠦᠯ ᠢ ᠤᠷᠢᠳᠴᠢᠯᠠᠨ ᠲᠣᠭᠲᠠᠭᠠᠵᠦ᠂ ᠭᠠᠷᠴᠤ ᠮᠡᠳᠡᠬᠦ ᠦᠶᠡᠷ᠂ ᠠᠶᠤᠩᠭ᠎ᠠ ᠴᠠᠬᠢᠯᠭᠠᠨ ᠵᠡᠷᠭᠡ ᠭᠠᠮᠰᠢᠭ ᠲᠣᠬᠢᠶᠠᠯᠳᠤᠬᠤ ᠦᠶ᠎ᠡ ᠳᠤ᠂ ᠠᠶᠤᠯ ᠲᠠᠢ ᠣᠷᠣᠨ ᠳᠤ ᠣᠷᠣᠰᠢᠵᠤ ᠪᠠᠶᠢᠭ᠎ᠠ ᠤᠯᠠᠨ ᠲᠦᠮᠡᠨ ᠢ ᠳᠠᠷᠤᠢ ᠲᠦᠷᠭᠡᠨ ᠲᠠᠷᠬᠠᠭᠠᠬᠤ᠂ ᠰᠢᠯᠵᠢᠭᠦᠯᠬᠦ ᠪᠠ ᠵᠠᠶᠢᠯᠠᠭᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠢ︔ ᠡᠷᠡᠭᠦᠯ ᠬᠠᠮᠠᠭᠠᠯᠠᠯ ᠤᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠪᠠᠷᠢᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠠᠯᠪᠠᠨ ᠤ ᠲᠣᠭᠤᠷᠢᠭ ᠪᠠ ᠠᠵᠢᠯᠴᠢᠳ ᠤᠨ ᠰᠠᠭᠤᠵᠤ ᠪᠠᠶᠢᠭ᠎ᠠ ᠣᠷᠣᠨ ᠰᠠᠭᠤᠴᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠠᠮᠰᠢᠭ ᠠᠴᠠ ᠵᠠᠶᠢᠯᠠᠵᠤ ᠭᠠᠵᠠᠷ᠂ ᠲᠦᠷ ᠴᠠᠭ ᠤᠨ ᠪᠠᠶᠢᠴᠠᠭᠠᠯᠲᠠ ᠶᠢᠨ ᠪᠡᠯᠡᠳᠬᠡᠮᠵᠢ ᠵᠡᠷᠭᠡ ᠴᠢᠬᠤᠯᠠ ᠭᠠᠵᠠᠷ ᠲᠠᠯᠠᠪᠤᠷ ᠤᠨ ᠠᠮᠤᠷ ᠲᠦᠪᠰᠢᠨ ᠤ ᠪᠠᠶᠢᠴᠠᠭᠠᠯᠲᠠ ᠪᠠ ᠲᠣᠭᠤᠷᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠴᠢᠩᠭᠠᠳᠬᠠᠬᠤ ᠬᠡᠷᠡᠭᠲᠡᠢ︔ ᠣᠯᠠᠨ ᠠᠷᠭ᠎ᠠ ᠵᠠᠮ᠂ ᠣᠯᠠᠨ ᠳᠠᠪᠴᠠᠩ ᠢᠶᠠᠷ ᠭᠠᠶ ᠭᠠᠮᠰᠢᠭ ᠠᠴᠠ ᠤᠷᠢᠳᠴᠢᠯᠠᠨ ᠰᠡᠷᠡᠮᠵᠢᠯᠡᠬᠦ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ 24 ᠴᠠᠭ ᠢᠶᠠᠷ ᠵᠢᠵᠢᠭᠦᠷᠯᠡᠬᠦ ᠲᠦᠷᠢᠮ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠡᠭᠦᠨ ᠠᠴᠠ ᠭᠠᠳᠠᠨ᠎ᠠ᠂ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠮᠰᠢᠭ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢ ᠦᠷᠭᠦᠯᠵᠢᠯᠡᠨ ᠴᠢᠩᠭᠠᠯᠠᠵᠤ᠂ ᠢᠯᠠᠩᠭᠤᠶ᠎ᠠ ᠠᠭᠤᠯᠠᠨ ᠦᠶᠡᠷ᠂ ᠰᠢᠪᠠᠷ ᠴᠢᠯᠠᠭᠤᠨ ᠤᠷᠤᠰᠬᠠᠯ᠂ ᠠᠭᠤᠯᠠ ᠶᠡᠭᠦᠷᠡᠬᠦ ᠵᠡᠷᠭᠡ ᠭᠡᠨᠡᠳᠲᠡ ᠶᠢᠨ ᠭᠠᠶ ᠭᠠᠮᠰᠢᠭ ᠲᠤ ᠴᠢᠭᠯᠡᠭᠦᠯᠦᠨ᠂ ᠭᠠᠮᠰᠢᠭ ᠤᠨ ᠲᠦᠭᠰᠢᠭᠦᠷᠢ ᠶᠢᠨ ᠮᠡᠳᠡᠯᠭᠡ ᠪᠣᠯᠣᠨ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠤᠬᠠᠭᠤᠯᠤᠨ ᠲᠦᠭᠡᠮᠡᠯᠵᠢᠭᠦᠯᠵᠦ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号