ᠪᠦᠬᠦ ᠣᠷᠣᠨ ᠤ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2016/8/5
     ᠬᠤᠶᠠᠷ ᠡᠳᠦᠷ ᠤᠨ ᠬᠤᠭᠤᠴᠠᠭ᠎ᠠ ᠲᠠᠢ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠶᠢᠨ ᠪᠥᠬᠦ ᠣᠷᠣᠨ ᠤ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ 8 ᠳ᠋ᠤᠭᠠᠷ ᠰᠠᠷ᠎ᠠ ᠶᠢᠨ 3᠎ ᠤ ᠡᠳᠦᠷ ᠬᠠᠶᠢᠯᠠᠷ ᠲᠤ ᠲᠡᠭᠦᠰ ᠠᠮᠵᠢᠯᠲᠠ ᠲᠠᠢ ᠥᠨᠳᠥᠷᠯᠡᠪᠡ᠃ ᠬᠤᠷᠠᠯ ᠨᠢ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠷᠭᠢᠴᠡᠭᠦᠯᠵᠦ᠂ ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠪᠤᠰᠤᠳᠴᠢ ᠪᠠᠷ ᠵᠠᠳᠠᠯᠵᠤ᠂ ᠬᠤᠶᠢᠰᠢᠳᠠ ᠶᠢᠨ 3 ᠵᠢᠯ ᠤᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠳᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠡᠭᠦᠷᠭᠡ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠵᠠᠶ᠃      ᠳᠣᠲᠣᠭᠠᠳᠤ ᠶᠢ ᠬᠠᠮᠠᠭᠠᠯᠠᠬᠤ ᠶᠠᠮᠤᠨ ᠤ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠭᠤᠣ ᠯᠢᠶᠠᠨ ᠪᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ᠂ ᠶᠡᠷᠦᠩᠬᠡᠶᠢᠯᠡᠨ ᠵᠠᠰᠠᠬᠤ ᠠᠯᠪᠠᠨ ᠭᠡᠷ ᠤᠨ ᠡᠷᠬᠢᠯᠡᠭᠴᠢ ᠲᠤᠤ ᠵᠢᠶᠠᠨ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠡᠳ᠋ ᠳᠠᠷᠤᠭ᠎ᠠ ᠴᠧᠩ ᠶᠢᠩ ᠽᠧ᠂ ᠥᠪᠥᠷ ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠶᠢᠨ ᠤᠯᠤᠰ ᠲᠦᠷᠦ ᠶᠢᠨ ᠭᠡᠰᠢᠭᠦᠨ ᠯᠢᠦ ᠴᠢᠨ ᠴᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠤᠨ ᠬᠠᠮᠢᠶ᠎ᠠ ᠪᠦᠬᠦᠢ ᠨᠢᠭᠡᠴᠡ ᠶᠢᠨ ᠤᠳᠤᠷᠢᠳᠤᠯᠭ᠎ᠠ ᠵᠢᠴᠢ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠡᠯ᠎ᠡ ᠬᠢᠯᠢ ᠶᠢᠨ ᠬᠠᠮᠠᠭᠠᠯᠠᠯᠲᠠ ᠶᠢᠨ ᠰᠠᠯᠪᠤᠷᠢ ᠠᠩᠭᠢ ᠶᠢᠨ ᠳᠠᠷᠤᠭ᠎ᠠ᠂ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠳᠠᠷᠤᠭ᠎ᠠ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠨᠠᠷ ᠵᠡᠷᠭᠡ 200 ᠭᠠᠷᠤᠶ ᠬᠥᠮᠦᠨ ᠬᠤᠷᠠᠯ ᠳᠤ ᠤᠷᠤᠯᠴᠠᠨ ᠶᠠᠷᠢᠯᠴᠠᠵᠠᠢ᠃ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠶᠢᠨ ᠳᠠᠷᠤᠭ᠎ᠠ ᠵᠥᠩ ᠵᠣᠣ ᠮᠢᠩ ᠬᠤᠷᠠᠯ ᠢ ᠡᠷᠬᠢᠯᠡᠪᠡ᠃      ᠤᠢᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠰᠢᠷᠢᠰ ᠲᠥᠯᠥᠪᠵᠢᠭᠦᠯᠭᠡ ᠶᠢ ᠰᠤᠳᠤᠯᠤᠨ ᠨᠡᠶᠢᠲᠡᠯᠡᠵᠦ᠂ ︽ᠲᠦᠷᠪᠡᠨ ᠪᠦᠲᠦᠭᠡᠨ ᠪᠠᠶᠢᠭᠤᠯᠤᠯᠲᠠ︾᠎ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠠᠷᠠᠳ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠪᠠᠲᠤᠳᠬᠠᠬᠤ ᠪᠠᠶᠢᠯᠳᠤᠬᠤ ᠪᠤᠳᠤᠯᠭ᠎ᠠ ᠶᠢ ᠥᠪᠡᠷᠲᠡᠭᠡᠨ ᠵᠠᠰᠠᠭ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠮᠤᠷ ᠲᠠᠶᠢᠪᠤᠩ ᠪᠦᠳᠦᠭᠡᠠ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠤᠷᠤᠭᠤᠯᠵᠤ᠂ ᠲᠠᠯ᠎ᠠ ᠨᠤᠲᠤᠭ ᠤᠨ 110᠂ ︽ᠲᠠᠪᠤᠨ ᠲᠣᠣᠷ ᠰᠦᠯᠵᠢᠶᠡᠨ ᠤ ᠢᠨᠵᠧᠨᠧᠷᠢᠩ︾᠂ ︽ᠲᠦᠷᠪᠡᠨ ᠰᠠᠯᠪᠤᠷᠢ ᠬᠤᠯᠪᠣᠭᠠᠯᠠᠨ ᠪᠠᠶᠢᠴᠠᠭᠠᠬᠤ︾᠂ ︽ᠲᠠᠯ᠎ᠠ ᠨᠤᠲᠤᠭ ᠤᠨ ᠬᠤᠪᠢᠯᠭᠠᠨ ᠪᠦᠷᠭᠦᠳ︾᠂ ︽ᠮᠣᠩᠬᠤᠯ ᠭᠡᠷᠡᠲᠦ ᠬᠠᠷᠠᠭᠤᠯ ᠤᠨ ᠭᠠᠵᠠᠷ︾ ᠵᠡᠷᠭᠡ ᠠᠵᠢᠯ ᠤᠨ ᠬᠡᠪ ᠵᠠᠭᠪᠤᠷ ᠢ ᠬᠠᠶᠢᠨ ᠰᠦᠪᠡᠭᠴᠢᠯᠡᠨ ᠭᠠᠷᠭᠠᠵᠤ᠂ ᠲᠠᠪᠤᠨ ᠵᠢᠯ ᠳᠤ ᠨᠡᠶᠢᠳᠡ 2.9 ᠲᠦᠮᠡᠨ ᠡᠯ᠎ᠡ ᠳᠦᠷᠦᠯ ᠤᠨ ᠬᠡᠷᠡᠭ ᠢ ᠰᠢᠢᠳᠪᠦᠷᠢᠯᠡᠨ ᠠᠷᠢᠯᠭᠠᠵᠤ᠂ ᠰᠦᠯᠵᠢᠶᠡᠨ ᠳᠡᠭᠡᠷ᠎ᠡ ᠨᠡᠶᠢᠲᠡᠯᠡᠭᠰᠡᠨ ᠳᠤᠲᠠᠭᠠᠵᠤ ᠪᠠᠶᠢᠭ᠎ᠠ ᠬᠦᠮᠦᠨ ᠢ 259 ᠪᠠᠷᠢᠪᠴᠢᠯᠠᠵᠤ᠂ 7000 ᠭᠠᠷᠤᠶ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠨ ᠠᠷᠢᠯᠭᠠᠵᠤ᠂ ᠡᠯ᠎ᠡ ᠲᠦᠷᠦᠯ ᠤᠨ ᠬᠠᠤᠯᠢ ᠪᠤᠰᠤ ᠫᠤᠤ ᠵᠡᠪᠰᠡᠭ 88᠂ ᠰᠤᠮᠤ 2.5 ᠲᠦᠮᠡ ᠭᠠᠷᠤᠶ ᠵᠢᠴᠢ ᠦᠯᠡᠮᠵᠢ ᠤᠯᠠᠨ ᠠᠶᠤᠯᠲᠠᠢ ᠳᠡᠯᠪᠡᠷᠡᠬᠦ ᠪᠤᠳᠠᠰ ᠢ ᠬᠤᠷᠢᠶᠠᠨ ᠠᠪᠴᠦ᠂ ᠬᠢᠯᠢ ᠬᠢᠵᠠᠭᠠᠷ ᠣᠷᠣᠨ ᠤ ᠦᠷᠭᠦᠯᠵᠢᠯᠡᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃      ᠬᠤᠷᠠᠯ ᠳᠡᠭᠡᠷ᠎ᠡ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠬᠢ ᠶᠢᠨ ᠬᠢᠯᠢ ᠶᠢᠨ ᠬᠠᠮᠢᠶᠠᠷᠤᠨ ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠥᠯᠥᠨ ᠪᠤᠶᠢᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠯᠥᠨ ᠪᠤᠶᠢᠷ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠰᠠᠯᠪᠤᠷᠢ ᠠᠩᠭᠢ᠂ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠨᠠᠷᠢᠨ ᠭᠤᠣᠯ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠵᠡᠷᠭᠡ 6 ᠨᠢᠭᠡᠴᠡ ᠲᠤᠷᠰᠢᠯᠭ᠎ᠠ ᠪᠠᠨ ᠰᠤᠯᠢᠯᠴᠠᠵᠤ᠂ ᠬᠥᠯᠥᠨ ᠪᠤᠶᠢᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶᠢᠯᠠᠷ ᠲᠤᠭᠤᠷᠢᠭ ᠤᠨ ᠺᠤᠤ ᠱᠠᠨ ᠵᠡᠭᠡᠯᠢ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠥᠯᠥᠨ ᠪᠤᠶᠢᠷ ᠬᠤᠲᠠ ᠶᠢᠨ ᠬᠢᠯᠢ ᠶᠢᠨ ᠬᠠᠮᠠᠭᠠᠯᠠᠯᠲᠠ ᠶᠢᠨ ᠰᠠᠯᠪᠤᠷᠢ ᠠᠩᠭᠢ ᠶᠢᠨ ᠪᠡᠯᠡᠳᠬᠡᠯ ᠴᠡᠷᠢᠭ ᠠᠩᠬᠢ ᠶᠢᠨ ᠶᠡᠷᠦᠩᠬᠡᠶᠢᠯᠡᠭᠰᠡᠨ ᠰᠣᠷᠢᠯᠲᠠ ᠪᠣᠯᠤᠨ ᠬᠠᠭᠤᠴᠢᠨ ᠪᠠᠷᠭᠤ ᠬᠤᠰᠢᠭᠤᠨ ᠤ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠦᠵᠦᠭᠦᠷ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ᠂ ᠮᠠᠨᠵᠤᠤᠷ ᠤᠨ ᠬᠢᠯᠢ ᠶᠢᠨ ᠬᠠᠮᠠᠭᠠᠯᠠᠯᠲᠠ ᠶᠢᠨ ᠶᠡᠭᠡ ᠠᠩᠭᠢ ᠶᠢᠨ ᠬᠤᠶᠢᠲᠤ ᠲᠤᠰᠬᠤᠨ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠠᠷᠠᠳ ᠢᠶᠠᠨ ᠬᠠᠶᠢᠷᠠᠯᠠᠵᠤ ᠬᠢᠯᠢ ᠬᠢᠵᠠᠭᠠᠷ ᠢᠶᠠᠨ ᠪᠠᠲᠤᠳᠬᠠᠭᠰᠠᠨ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠤᠭᠰᠠᠨ᠂ ᠴᠡᠷᠢᠭ ᠤᠨ ᠬᠤᠸᠠᠷᠠᠨ ᠤ ᠪᠦᠲᠦᠭᠡᠨ ᠪᠠᠶᠢᠭᠤᠯᠤᠯᠲᠠ ᠬᠢᠭᠰᠡᠨ᠂ ᠴᠡᠷᠢᠭᠴᠢᠯᠡᠭᠰᠡᠨ ᠬᠠᠮᠢᠶᠠᠷᠤᠭᠰᠠᠨ ᠵᠡᠷᠭᠡ ᠲᠠᠯ᠎ᠠ ᠪᠠᠷ ᠬᠢ ᠰᠦᠪᠡᠭᠴᠢᠯᠡᠯᠳᠠ ᠪᠠ ᠦᠢᠯᠡᠳᠦᠯᠭᠡ ᠶᠢ ᠦᠵᠡᠨ ᠰᠤᠷᠤᠯᠴᠠᠵᠤ᠂ ︽ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠠᠰᠠᠭᠤᠳᠠᠯ ᠤᠳ ᠤᠨ ᠲᠤᠬᠠᠶ ᠰᠠᠨᠠᠯ︾ ᠵᠢᠴᠢ 7 ᠢᠵᠢ ᠪᠦᠷᠢᠳᠦᠭᠦᠯᠦᠭᠰᠡᠨ ᠬᠡᠷᠡᠭᠵᠢᠭᠦᠯᠬᠦ ᠨᠠᠷᠢᠨ ᠳᠦᠷᠢᠮ ᠢ ᠳᠤᠭᠤᠶᠢᠯᠠᠩ ᠬᠤᠪᠢᠶᠠᠨ ᠶᠠᠷᠢᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号