ᠡᠨᠡ ᠵᠢᠯ ᠠᠴᠠ ᠨᠠᠰᠢ᠂ ᠬᠥᠯᠥᠨ ᠪᠤᠶᠢᠷ ᠬᠤᠳᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ᠂ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠬᠠᠮᠲᠤᠷᠠᠨ ᠬᠠᠷᠢᠶᠠᠨ ᠳᠣᠲᠤᠷᠠᠬᠢ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ | ᠶᠡᠭᠡ ᠬᠢᠩᠭᠠᠨ ᠳᠠᠪᠠᠭ᠎ᠠ ᠶᠢᠨ ᠭᠤᠣᠯᠳᠠᠯᠭᠠᠲᠤ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ | ᠥᠭᠡᠷᠡᠴᠢᠯᠡᠯᠲᠡ ᠶᠢ ᠳᠡᠮᠵᠢᠪᠡ᠃ ᠨᠢᠭᠡ ᠳᠤ ᠥᠭᠡᠷᠡᠴᠢᠯᠡᠯᠲᠡ ᠶᠢᠨ ᠶᠠᠪᠤᠴᠠ ᠳᠠᠬᠢ ᠪᠠᠭᠤᠷᠠᠶ ᠲᠠᠯ᠎ᠠ ᠳᠤ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠶᠢ ᠴᠢᠩᠭᠠᠳᠬᠠᠵᠤ᠂ ︽ᠲᠢᠶᠠᠨ ᠪᠣᠥ︾ ᠪᠡᠯᠡ ᠮᠥᠩᠭᠦ | ᠤᠷᠤᠨ ᠪᠠᠶᠢᠷᠢᠨ ᠳᠠᠭᠠᠨ ᠬᠦᠷᠦᠭᠡᠳᠦᠢ ᠦᠶ᠎ᠡ ᠳᠤ ᠤᠢ ᠰᠢᠭᠤᠢ ᠠᠷᠠᠴᠢᠯᠠᠵᠤ ᠪᠤᠶᠢᠵᠢᠭᠤᠯᠬᠤ᠂ ᠰᠢᠭᠤᠶᠢᠲᠤ | ᠣᠷᠣᠨ ᠤ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠬᠦ ᠪᠠᠷᠢᠯᠭ᠎ᠠ ᠶᠢᠨ ᠲᠦᠷᠦᠯ | ᠵᠦᠢᠯ ᠵᠡᠷᠭᠡ ᠳᠤ ᠪᠡᠯᠡ ᠮᠥᠩᠭᠦᠨ ᠤ ᠳᠡᠮᠵᠢᠯᠭᠡ ᠬᠠᠩᠭᠠᠵᠤ᠂ ᠡᠯ᠎ᠡ ᠵᠦᠢᠯ ᠤᠨ ᠠᠵᠢᠯ ᠡᠮᠬᠢ ᠵᠢᠷᠤᠮ ᠲᠠᠢ | ᠶᠠᠪᠤᠭᠳᠠᠬᠤ ᠶᠢ ᠦᠨᠡᠨᠬᠦ ᠪᠠᠲᠤᠯᠠᠪᠠ᠃ ᠬᠤᠶᠠᠷ ᠲᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠵᠤ ᠲᠡᠰ | ᠳᠡᠪᠰᠢᠭᠦᠯᠬᠦ ᠳᠤ ᠢᠳᠡᠪᠬᠢᠲᠡᠶ ᠬᠠᠮᠵᠢᠯᠴᠠᠵᠤ᠂ ᠬᠥᠯᠥᠨ ᠪᠤᠶᠢᠷ ᠤᠨ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ | ᠲᠠᠯ᠎ᠠ ᠶᠢ ᠭᠦᠢᠴᠡᠳ ᠠᠰᠢᠭᠯᠠᠨ᠂ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠭᠦᠯᠵᠦ᠂ ᠠᠵᠤ ᠠᠬᠤᠶ ᠶᠢᠨ ᠰᠢᠨ᠎ᠡ | ᠨᠡᠮᠡᠭᠳᠡᠯ ᠤᠨ ᠴᠢᠭ᠋ ᠢ ᠠᠭᠤᠳᠠᠯᠤᠨ ᠭᠠᠷᠭᠠᠪᠠ᠃ ᠭᠤᠷᠪᠠ ᠳᠤ ᠠᠶᠤᠯ ᠲᠦᠭᠰᠢᠭᠦᠷᠢ ᠶᠢᠨ ᠬᠤᠷᠢᠭ᠎ᠠ ᠱᠤᠭᠤᠮ ᠢ | ᠴᠢᠩᠭ᠎ᠠ ᠰᠠᠬᠢᠵᠤ᠂ ᠠᠪᠴᠠᠭᠠᠲᠠᠨ ᠤ ᠵᠦᠪᠯᠡᠯ ᠤᠨ ᠳᠦᠷᠢᠮ ᠳᠤ ᠲᠦᠰᠢᠭᠯᠡᠨ᠂ ᠡᠯ᠎ᠡ ᠠᠪᠴᠠᠭᠠᠲᠠᠨ ᠪᠣᠯᠤᠨ ᠪᠠᠩᠬᠢ | ᠬᠤᠭᠤᠷᠤᠨᠳᠦ ᠪᠠᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠪᠡᠶᠡᠯᠡᠭᠦᠯᠦᠭᠰᠡᠨ ᠤ ᠬᠠᠮᠲᠤ ᠣᠷᠣᠨ ᠨᠤᠲᠤᠭ ᠤᠨ | ᠵᠠᠰᠠᠭ ᠤᠨ ᠣᠷᠳᠣᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠬᠤᠪᠢᠶᠠᠷᠢᠯᠠᠨ ᠰᠢᠯᠵᠢᠭᠦᠯᠬᠦ ᠶᠡᠷᠦᠩᠬᠡᠶ | ᠲᠣᠬᠢᠷᠠᠭᠤᠯᠤᠯᠲᠠ ᠪᠣᠯᠤᠨ ᠠᠬᠢᠴᠠ ᠶᠢᠨ ᠪᠠᠶᠢᠳᠠᠯ ᠢ ᠡᠵᠡᠮᠳᠡᠵᠦ᠂ ᠠᠵᠤ ᠠᠬᠤᠶᠢᠯᠠᠯ ᠬᠡᠯᠪᠡᠷᠢ ᠪᠠᠨ ᠬᠤᠪᠢᠷᠠᠭᠤᠯᠵᠤ | ᠳᠡᠰ ᠳᠡᠪᠰᠢᠭᠦᠯᠬᠦ ᠳᠠᠯᠢᠮ ᠢᠶᠠᠷ ᠪᠠᠩᠬᠢ ᠶᠢᠨ ᠥᠷᠢ ᠠᠴᠠ ᠵᠠᠶᠢᠯᠠᠨ ᠳᠤᠲᠠᠭᠠᠬᠤ ᠶᠢ ᠰᠡᠷᠭᠡᠶᠢᠯᠡᠪᠡ᠃ ᠣᠳᠣᠬᠠᠨ ᠳᠤ | ᠦᠪᠦᠷ ᠮᠣᠩᠭᠤᠯ ᠤᠨ ᠤᠢ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠪᠦᠬᠦ ᠬᠤᠲᠠ ᠶᠢᠨ ᠡᠯ᠎ᠡ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠠᠬᠢ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ | ᠨᠡᠶᠢᠳᠡ 29.7 ᠳ᠋ᠦᠩᠰᠢᠭᠤᠷ ᠲᠥᠭᠦᠷᠢᠭ ᠪᠠᠶᠢᠵᠤ᠂ ᠵᠢᠭᠡᠯᠡᠯᠭᠡ ᠶᠢᠨ ᠬᠡᠯᠪᠡᠷᠢ ᠨᠢ ᠴᠥᠮ ᠬᠡᠪ ᠤᠨ ᠪᠠᠶᠢᠳᠠᠯ ᠲᠠᠢ | ᠪᠠᠶᠢᠨ᠎ᠠ᠃ |