ᠳᠡᠭᠡᠳᠦ ᠬᠠᠭᠠᠰ ᠵᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠵᠠᠰᠠᠮᠠᠯ ᠵᠠᠮ ᠤᠨ ᠪᠦᠳᠦᠭᠡᠨ | ᠪᠠᠶᠢᠭᠤᠯᠤᠯᠲᠠ 345.2 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠣᠷᠣᠨ ᠤ ᠵᠠᠰᠠᠮᠠᠯ ᠵᠡᠮ ᠤᠨ ᠪᠦᠳᠦᠭᠡᠠ | ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠡᠬᠢᠯᠡᠭᠦᠯᠦᠨ ᠪᠥᠳᠥᠭᠡᠨ ᠪᠠᠶᠢᠭᠤᠯᠤᠭᠰᠠᠨ ᠵᠠᠮ ᠤᠨ ᠤᠷᠳᠤ ᠨᠢ | 18325 ᠺᠢᠯᠣᠮᠧᠲᠷ ᠪᠠᠶᠢᠵᠤ᠂ ᠡᠭᠦᠨ ᠳᠤ ᠲᠦᠷᠭᠡᠨ ᠬᠤᠷᠳᠤ ᠶᠢᠨ ᠵᠠᠮ 1465 ᠺᠢᠯᠣᠮᠧᠲᠷ᠂ ᠨᠢᠭᠡᠳᠦᠭᠡᠷ | ᠳᠡᠰ ᠤᠨ ᠵᠠᠰᠠᠮᠠᠯ ᠵᠠᠮ 1507 ᠺᠢᠯᠣᠮᠧᠲᠷ ᠪᠠᠶᠢᠨ᠎ᠠ᠃ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠡᠨᠡ | ᠵᠢᠯ ᠭᠤᠣᠯᠳᠠᠯᠭ᠎ᠠ ᠲᠠᠢ ᠵᠠᠰᠠᠮᠠᠯ ᠵᠠᠮ ᠪᠣᠯᠤᠨ ᠵᠠᠮ ᠤᠨ ᠰᠦᠯᠵᠢᠶ᠎ᠡ ᠶᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ | 70 ᠶᠢ ᠬᠡᠷᠡᠭᠵᠢᠬᠦᠯᠬᠦ ᠪᠠᠷ ᠲᠦᠯᠦᠪᠯᠡᠵᠤ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ | ᠶᠡᠭᠡ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢᠨ ᠲᠦᠷᠦᠯ ᠵᠦᠢᠯ 37 ᠵᠦᠢᠯ ᠪᠠᠶᠢᠵᠤ᠂ ᠪᠡᠭᠡᠵᠢᠩ ᠠᠴᠠ | ᠰᠢᠨᠵᠢᠶᠠᠩ ᠬᠦᠷᠬᠦ ᠳᠡᠭᠡᠳᠦ ᠬᠤᠷᠳᠤ ᠶᠢᠨ ᠵᠠᠮ ᠤᠨ ᠯᠢᠩᠾᠧ — ᠥᠪᠥᠷ ᠮᠣᠩᠭᠤᠯ ᠭᠠᠨᠰᠦ ᠶᠢᠨ ᠵᠠᠭᠠᠭ ᠬᠦᠷᠬᠦ᠂ | ᠳ᠋ᠠᠨᠳᠦ᠋ᠡᠭ ᠠᠴᠠ ᠰᠢᠯᠢ ᠶᠢᠨ ᠬᠤᠲᠠ ᠬᠦᠷᠬᠦ ᠳᠡᠭᠡᠲᠦ ᠬᠤᠷᠳᠤ ᠶᠢᠨ ᠵᠠᠮ ᠤᠨ ᠳ᠋ᠠᠪᠠᠨ — ᠪᠢᠷᠠᠭᠤ — | ᠰᠢᠯᠢ ᠶᠢᠨ ᠬᠤᠲᠠ ᠬᠦᠷᠬᠦ᠂ ᠰᠦᠢ ᠹᠧᠨ ᠡᠾᠧ ᠠᠴᠠ ᠮᠠᠨᠵᠤᠤᠷ ᠬᠦᠷᠬᠦ ᠳᠡᠭᠡᠲᠦ ᠬᠤᠷᠳᠤ ᠶᠢᠨ ᠵᠠᠮ ᠤᠨ ᠬᠠᠶᠢᠯᠠᠷ | — ᠮᠠᠨᠵᠤᠤᠷ᠂ S31 ᠳ᠋ᠠ ᠹᠠᠨ ᠫᠦ᠋ — ᠯᠦᠩ ᠺᠸᠤ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ | ᠪᠣᠯᠤᠨ ᠨᠢᠷᠵᠢ — ᠳ᠋ᠠ ᠶᠠᠩ ᠱᠤ᠋ ᠬᠦᠷᠬᠦ᠂ ᠠᠯᠳᠠᠷ — ᠷᠠᠰᠢᠶᠠᠨ ᠬᠦᠷᠬᠦ ᠵᠡᠷᠭᠡ ᠨᠢᠭᠡᠳᠦᠭᠡᠷ ᠳᠡᠰ ᠤᠨ ᠵᠠᠰᠠᠮᠠᠯ | ᠵᠠᠮ ᠤᠨ ᠪᠥᠳᠥᠭᠡᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠬᠤ ᠪᠤᠯᠤᠨ᠎ᠠ᠃ ᠡᠨᠡ ᠵᠢᠯ ᠵᠠᠰᠠᠮᠠᠯ ᠵᠡᠮ ᠤᠨ | ᠪᠦᠳᠦᠭᠡᠠ ᠪᠠᠶᠢᠭᠤᠯᠤᠯᠲᠠ ᠳᠤ 850 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠵᠤ᠂ 900 ᠳ᠋ᠦᠩᠰᠢᠭᠤᠷ ᠲᠥᠭᠦᠷᠢᠭ ᠲᠤ ᠬᠦᠷᠦᠬᠦᠯᠬᠦ ᠪᠠᠷ ᠴᠢᠷᠮᠠᠶᠢᠵᠤ᠂ 18% ᠪᠠᠷ | ᠨᠡᠮᠡᠭᠳᠡᠭᠦᠯᠦᠨ᠎ᠡ᠃ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 2 ᠲᠦᠮᠡᠨ ᠺᠢᠯᠣᠮᠧᠲᠷ ᠲᠤ | ᠬᠦᠷᠦᠬᠦᠯᠵᠤ᠂ 2. 5 ᠲᠦᠮᠡᠨ ᠺᠢᠯᠣᠮᠧᠲᠷ ᠤᠨ ᠭᠤᠣᠯ ᠵᠢᠱᠢᠭᠰᠡᠨ ᠬᠠᠷᠠᠯᠲᠠ ᠳᠤ ᠬᠦᠷᠦᠭᠦᠯᠬᠦ ᠪᠠᠷ ᠴᠢᠷᠮᠠᠶᠢᠨ᠎ᠠ᠃ |