8 ᠳ᠋ᠤᠭᠠᠷ ᠰᠠᠷ᠎ᠠ ᠶᠢᠨ 2 ᠤᠨ ᠡᠳᠦᠷ᠂ ᠥᠪᠥᠷ ᠮᠣᠩᠭᠤᠯ ︽ᠮᠠᠯᠵᠢᠬᠤ ᠲᠠᠷᠢᠶᠠᠯᠠᠬᠤ ᠣᠷᠣᠨ ᠤ ᠭᠡᠷ | ᠨᠤᠲᠤᠭ ᠲᠠᠭᠠᠨ ᠦᠯᠡᠳᠡᠵᠦ ᠬᠤᠴᠣᠷᠤᠭᠰᠠᠨ ᠦᠷ᠎ᠡ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠨ ᠬᠠᠮᠠᠭᠠᠯᠠᠬᠤ | ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠤᠭᠰᠢ ︽ᠬᠡᠷᠡᠭᠵᠢᠭᠦᠯᠬᠦ ᠰᠠᠨᠠᠯ︾ ᠭᠡᠵᠦ | ᠲᠣᠪᠴᠢᠯᠠᠨ᠎ᠠ︶ ᠢ ᠲᠣᠭᠲᠠᠭᠠᠨ ᠨᠡᠶᠢᠲᠡᠯᠡᠵᠦ᠂ ᠪᠦᠬᠦ ᠣᠷᠣᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ | ᠤᠯᠠᠨ ᠵᠦᠢᠯ ᠤᠨ ᠠᠷᠭ᠎ᠠ ᠠᠪᠴᠤ᠂ ᠭᠡᠷ ᠨᠤᠲᠤᠭ ᠲᠠᠭᠠᠨ ᠦᠯᠡᠳᠡᠵᠦ ᠬᠤᠴᠣᠷᠤᠭᠰᠠᠨ ᠦᠷ᠎ᠡ ᠬᠡᠦᠬᠡᠳ ᠤᠨ | ᠡᠷᠡᠭᠦᠯ ᠢᠶᠠᠷ ᠦᠰᠦᠨ ᠪᠤᠶᠢᠵᠢᠬᠤ ᠳᠤ ᠥᠮᠥᠭ ᠲᠦᠰᠢᠭ ᠪᠣᠯᠬᠤ ᠬᠡᠷᠡᠭᠲᠡᠢ ᠭᠡᠵᠦ ᠱᠠᠭᠠᠷᠳᠠᠪᠠ᠃ ᠭᠠᠳᠠᠭᠰᠢ ᠭᠠᠷᠴᠤ | ᠠᠵᠢᠯ ᠬᠥᠳᠡᠯᠮᠦᠷᠢ ᠬᠢᠵᠦ ᠪᠠᠶᠢᠭ᠎ᠠ ᠪᠠ ᠠᠳᠠᠯ ᠦᠢᠯᠡᠰ ᠴᠣᠭᠴᠠᠯᠠᠭᠴᠢᠳ ᠠᠯᠢ ᠴᠢᠳᠠᠬᠤ ᠪᠠᠷ ᠨᠠᠰᠤᠨ ᠳᠤ | ᠬᠦᠷᠦᠭᠡᠳᠦᠢ ᠦᠷ᠎ᠡ ᠬᠡᠤᠬᠡᠳ ᠢᠶᠠᠨ ᠳᠠᠭᠠᠭᠤᠯᠤᠨ ᠬᠠᠮᠲᠤ ᠠᠮᠢᠳᠤᠷᠠᠬᠤ ᠪᠤᠶᠤ ᠡᠴᠢᠭᠡ ᠡᠭᠡ ᠶᠢᠨ ᠨᠢᠭᠡᠨ ᠳᠤᠨᠢ | ᠦᠯᠡᠳᠡᠵᠦ ᠬᠠᠷᠠᠭᠠᠯᠵᠠᠭᠤᠯᠬᠤ ᠬᠡᠷᠡᠭᠲᠡᠢ᠂ ᠲᠦᠷ ᠴᠠᠭ ᠨᠥᠬᠦᠴᠡᠯ ᠦᠭᠡᠢ ᠪᠣᠯ ᠬᠠᠷᠠᠵᠤ ᠬᠠᠷᠠᠭᠠᠯᠵᠠᠬᠤ ᠴᠢᠳᠠᠪᠤᠷᠢ | ᠲᠠᠢ ᠲᠥᠷᠥᠯ ᠰᠠᠳᠤᠨ ᠪᠤᠶᠤ ᠪᠤᠰᠤᠳ ᠨᠠᠰᠤᠨ ᠳᠤ ᠬᠥᠷᠦᠭᠰᠡᠳ ᠲᠤ ᠨᠠᠶᠢᠳᠠᠵᠤ ᠬᠢᠨᠠᠨ ᠬᠠᠮᠠᠭᠠᠯᠠᠭᠤᠯᠬᠤ ᠬᠡᠷᠡᠭᠲᠡᠶ᠂ | ᠪᠦᠬᠦᠯᠢ 16 ᠨᠠᠰᠤ ᠬᠦᠷᠦᠭᠡᠳᠦᠢ ᠬᠡᠦᠬᠡᠳ ᠢ ᠬᠢᠨᠠᠨ ᠬᠠᠮᠠᠭᠠᠯᠠᠯᠲᠠ ᠦᠭᠡᠢ ᠪᠠᠷ ᠭᠠᠭᠴᠠᠭᠠᠷ ᠨᠢ ᠠᠮᠢᠳᠤᠷᠠᠭᠤᠯᠵᠤ | ᠤᠭᠲᠤ ᠪᠣᠯᠬᠤ ᠦᠭᠡᠢ ᠭᠡᠵᠦ ᠲᠣᠳᠤᠷᠬᠠᠶᠢᠯᠠᠪᠠ᠃ | ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠠᠶᠢᠭᠤᠯᠬᠤ ᠬᠡᠷᠡᠭᠲᠡᠢ | ᠪᠦᠷᠢᠳᠬᠡᠯ ᠢ ᠦᠨᠳᠦᠰᠦᠯᠡᠪᠡᠯ᠂ ᠣᠳᠣᠬᠠᠨ ᠳᠤ᠂ ᠥᠪᠥᠷ ᠮᠣᠩᠭᠤᠯ ᠤᠨ ᠪᠠᠶᠢᠩᠭᠤ ᠰᠠᠭᠤᠭ᠎ᠠ ᠬᠥᠮᠦᠨ | ᠠᠮᠠ ᠶᠢᠨ ᠬᠤᠳᠠ ᠪᠠᠯᠭᠠᠰᠤᠴᠢᠯᠠᠯᠲᠠ ᠶᠢᠨ ᠨᠤᠷᠮ᠎ᠠ ᠨᠢᠭᠡᠨᠲᠡ 60.3% ᠳᠤ ᠬᠦᠷᠴᠦ᠂ ᠮᠠᠯᠵᠢᠬᠤ ᠲᠠᠷᠢᠶᠠᠯᠠᠬᠤ | ᠣᠷᠣᠨ ᠤ ᠭᠡᠷ ᠨᠤᠲᠤᠭ ᠲᠠᠭᠠᠨ ᠦᠯᠡᠳᠡᠵᠦ ᠬᠤᠴᠤᠷᠬᠤ ᠬᠡᠦᠬᠡᠳ ᠤᠨ ᠶᠡᠷᠦᠩᠬᠡᠶ ᠲᠤᠭ᠎ᠠ ᠵᠢᠯ ᠳᠠᠷᠠᠭᠠᠯᠠᠨ ᠨᠡᠮᠡᠭᠳᠡᠬᠦ | ᠬᠠᠨᠳᠤᠰᠢ ᠲᠠᠢ ᠪᠠᠶᠢᠨ᠎ᠠ᠂ ᠬᠤᠶᠢᠰᠢᠳᠠ ᠶᠢᠨ ᠨᠡᠯᠢᠶᠡᠳ ᠤᠷᠳᠦ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ | ᠣᠷᠣᠨ ᠤ ᠬᠥᠳᠡᠯᠮᠦᠷᠢ ᠬᠦᠴᠦᠨ ᠭᠠᠳᠠᠭᠰᠢ ᠶᠠᠪᠤᠵᠤ ᠠᠵᠢᠯᠯᠠᠨ᠂ ᠬᠡᠰᠡᠭ ᠦᠷ᠎ᠡ ᠬᠡᠤᠬᠡᠳ ᠭᠡᠷ ᠨᠤᠲᠤᠭ ᠲᠠᠭᠠᠨ | ᠦᠯᠡᠳᠡᠵᠦ ᠬᠤᠴᠤᠷᠬᠤ ᠪᠣᠳᠠᠲᠤ ᠪᠠᠶᠢᠳᠠᠯ ᠮᠥᠨ ᠯᠠ ᠲᠤᠯᠭᠠᠷᠠᠨ᠎ᠠ᠃ ᠡᠶᠢᠮᠦ ᠠᠴᠠ᠂ ᠭᠡᠷ ᠨᠤᠲᠤᠭ ᠲᠠᠭᠠᠨ | ᠦᠯᠡᠳᠡᠵᠦ ᠬᠤᠴᠣᠷᠤᠭᠰᠠᠨ ᠦᠷ᠎ᠡ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠨ ᠬᠠᠮᠠᠭᠠᠯᠠᠬᠤ ᠡᠭᠦᠷᠭᠡ ᠮᠠᠰᠢ | ᠨᠦᠰᠡᠷ ᠬᠦᠨᠳᠦ ᠪᠠᠶᠢᠨ᠎ᠠ᠃ | ︽ᠬᠡᠷᠡᠭᠵᠢᠭᠦᠯᠬᠦ ᠰᠠᠨᠠᠯ︾ ᠳᠤ ᠲᠣᠳᠤᠷᠬᠠᠶᠢᠯᠠᠭᠰᠠᠨ ᠨᠢ᠂ 2020 ᠣᠨ ᠪᠣᠯᠬᠤ ᠳᠤ᠂ ᠬᠤᠰᠢᠭᠤ ᠰᠢᠶᠠᠨ | ︵ᠬᠤᠳᠠ᠂ ᠲᠣᠭᠤᠷᠢᠭ︶ ᠨᠠᠰᠤᠨ ᠳᠤ ᠬᠦᠷᠦᠭᠡᠳᠦᠢ ᠬᠡᠤᠬᠡᠳ ᠢ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ | ᠪᠠᠶᠢᠭᠤᠯᠤᠮᠵᠢ ᠶᠢ ᠦᠨᠳᠦᠰᠦᠨ ᠳᠤᠨᠢ ᠪᠦᠷᠢᠨ ᠪᠦᠷᠬᠦᠭᠦᠯᠵᠦ᠂ ᠨᠠᠰᠤᠨ ᠳᠤ ᠬᠦᠷᠦᠭᠡᠳᠦᠢ ᠬᠡᠤᠬᠡᠳ ᠤᠨ ᠤᠯᠠᠨ | ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠴᠢᠩᠭᠠᠳᠬᠠᠨ᠂ ᠬᠠᠤᠯᠢ ᠲᠣᠭᠲᠠᠭᠠᠯ ᠪᠠ | ᠳᠦᠷᠢᠮ ᠤᠨ ᠰᠢᠰᠲ᠋ᠧᠮᠵᠢ ᠶᠢ ᠨᠡᠩ ᠪᠦᠷᠢᠨᠰᠢᠭᠦᠯᠵᠦ᠂ ᠪᠦᠬᠦ ᠨᠡᠶᠢᠭᠡᠮ ᠤᠨ ᠬᠢᠨ ᠤ ᠬᠡᠦᠬᠡᠳ ᠪᠠᠭᠠᠴᠤᠳ ᠢ | ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠦᠵᠡᠯ ᠤᠬᠠᠮᠰᠠᠷ ᠢ ᠨᠡᠶᠢᠳᠡᠮ ᠳᠤᠨᠢ ᠳᠡᠭᠡᠭᠰᠢᠯᠡᠭᠦᠯᠦᠨ᠂ ᠬᠡᠦᠬᠡᠳ ᠤᠨ | ᠦᠰᠦᠨ ᠪᠤᠶᠢᠵᠢᠬᠤ ᠣᠷᠴᠢᠨ ᠨᠥᠬᠦᠴᠡᠯ ᠢ ᠤᠯᠠᠮ ᠰᠠᠶᠢᠵᠢᠷᠠᠭᠤᠯᠤᠨ᠂ ᠠᠮᠤᠷ ᠲᠦᠪᠰᠢᠨ ᠢ ᠨᠡᠩ ᠪᠠᠲᠤᠯᠠᠭ᠎ᠠ ᠲᠠᠢ | ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠦᠷ᠎ᠡ ᠬᠡᠦᠬᠡᠳ ᠤᠨ ᠭᠡᠷ ᠲᠡᠭᠡᠨ ᠦᠯᠡᠳᠡᠵᠦ ᠬᠤᠴᠤᠷᠬᠤ | ᠦᠵᠡᠭᠳᠡᠯ ᠢ ᠢᠯᠡᠳᠲᠡ ᠪᠠᠭᠠᠰᠬᠠᠬᠤ ᠬᠡᠷᠡᠭᠲᠡᠢ ᠭᠡᠪᠡ᠃ | ᠡᠴᠢᠭᠡ ᠡᠬᠡ ᠨᠢ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ | ︽ᠬᠡᠷᠡᠭᠵᠢᠭᠦᠯᠬᠦ ᠰᠠᠨᠠᠯ︾ ᠳᠤ ᠪᠠᠰᠠ ᠲᠣᠳᠤᠷᠬᠠᠶᠢᠯᠠᠭᠰᠠᠨ ᠨᠢ᠂ ᠡᠴᠢᠭᠡ ᠡᠭᠡ ᠨᠢ ᠭᠠᠳᠠᠭᠰᠢ ᠭᠠᠷᠴᠤ | ᠠᠵᠢᠯ ᠬᠥᠳᠡᠯᠮᠦᠷᠢ ᠬᠢᠵᠦ᠂ ᠠᠳᠠᠯ ᠦᠢᠯᠡᠰ ᠴᠣᠭᠴᠠᠯᠠᠬᠤ ᠬᠤᠭᠤᠴᠠᠭᠠᠨ ᠳᠠᠭᠠᠨ᠂ ᠸᠢᠴᠠᠲ ᠵᠡᠷᠭᠡ ᠰᠢᠨ᠎ᠡ | ᠵᠠᠭᠤᠴᠢᠯᠠᠭᠤᠷ ᠢᠶᠠᠷ ᠳᠠᠮᠵᠢᠨ ᠭᠡᠷ ᠲᠡᠭᠡᠨ ᠦᠯᠡᠳᠡᠭᠡᠵᠦ ᠬᠤᠴᠤᠷᠤᠭᠤᠯᠤᠭᠰᠠᠨ ᠨᠠᠰᠤᠨ ᠳᠤ ᠬᠦᠷᠦᠭᠡᠳᠦᠢ ᠦᠷ᠎ᠡ | ᠬᠡᠦᠬᠡᠳ ᠲᠠᠢ ᠪᠠᠨ ᠪᠠᠶᠢᠩᠭᠤ ᠬᠠᠷᠢᠴᠠᠵᠤ᠂ ᠦᠷ᠎ᠡ ᠬᠡᠤᠬᠡᠳ ᠤᠨ ᠢᠶᠠᠨ ᠰᠤᠷᠤᠯᠭ᠎ᠠ᠂ ᠠᠮᠢᠳᠤᠷᠠᠯ ᠪᠠ | ᠰᠡᠳᠭᠢᠯᠭᠡ ᠶᠢᠨ ᠪᠠᠶᠢᠳᠠᠯ ᠢ ᠴᠠᠭ ᠲᠤᠬᠠᠶ ᠳᠤᠨᠢ ᠤᠢᠢᠯᠠᠭᠠᠨ ᠡᠵᠡᠮᠰᠢᠵᠦ᠂ ᠡᠴᠢᠭᠡ ᠡᠬᠡ ᠶᠢᠨ ᠬᠠᠶᠢᠷ᠎ᠠ ᠬᠠᠯᠠᠮᠵᠢ | ᠨᠡᠩ ᠢᠯᠡᠭᠦᠦ ᠬᠦᠷᠲᠡᠭᠡᠬᠦ ᠶᠢ ᠵᠣᠷᠢᠭᠵᠢᠭᠤᠯᠬᠤ ᠬᠡᠷᠡᠭᠲᠡᠢ᠃ ᠡᠴᠢᠭᠡ ᠡᠬᠡ ᠨᠢ ᠪᠤᠶᠤ ᠨᠠᠶᠢᠳᠠᠯᠭ᠎ᠠ ᠬᠦᠯᠢᠶᠡᠭᠰᠡᠨ | ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠭ ᠲᠤᠬᠠᠶ ᠳᠤᠨᠢ ᠢᠳᠬᠠᠨ ᠰᠠᠨᠠᠭᠤᠯᠵᠤ | ᠬᠤᠷᠢᠭᠯᠠᠨ ᠵᠣᠭᠰᠤᠭᠠᠬᠤ ᠬᠡᠷᠡᠭᠲᠡᠢ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠤᠶᠤ ᠬᠦᠨᠳᠦ ᠨᠣᠴᠢᠲᠠᠶ ᠤᠷᠰᠢᠭ | ᠲᠠᠲᠠᠭᠰᠠᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ ᠪᠠᠶᠢᠭᠤᠯᠭ᠎ᠠ ᠬᠠᠤᠯᠢ ᠶᠣᠰᠣᠭᠠᠷ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠪᠡ᠃ | ᠡᠯ᠎ᠡ ᠵᠦᠢᠯ ᠤᠨ ᠬᠠᠶᠢᠷ᠎ᠠ ᠬᠠᠯᠠᠮᠵᠢᠯᠠᠯ ᠤᠨ ᠦᠢᠯᠡᠴᠢᠯᠡᠭᠡ ᠬᠠᠩᠭᠠᠬᠤ ᠬᠡᠷᠡᠭᠲᠡᠢ | ︽ᠬᠡᠷᠡᠭᠵᠢᠭᠦᠯᠬᠦ ᠰᠠᠨᠠᠯ︾ ᠳᠤ ᠱᠠᠭᠠᠷᠳᠠᠭᠰᠠᠨ ᠨᠢ᠂ ᠲᠤᠰᠬᠠᠶ ᠮᠡᠷᠭᠡᠵᠢᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢ ᠪᠣᠶᠢᠵᠢᠭᠤᠯᠬᠤ ᠪᠠᠨ ᠲᠦᠷᠭᠡᠳᠬᠡᠵᠦ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ᠂ ᠰᠡᠳᠬᠢᠴᠡ ᠶᠢᠨ ᠵᠥᠪᠯᠡᠯᠭᠡ ᠥᠭᠬᠦ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠬᠠᠤᠯᠢᠴᠢ ᠶᠢᠨ | ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠶ ᠶᠢᠨ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ | ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠶᠢ ᠢᠳᠡᠪᠬᠢᠲᠡᠢ ᠲᠠᠲᠠᠨ ᠠᠪᠴᠢᠷᠠᠵᠤ | ᠪᠠᠶᠢᠭᠠᠳ ᠭᠡᠷ ᠲᠡᠭᠡᠨ ᠦᠯᠡᠳᠡᠵᠦ ᠬᠤᠴᠣᠷᠤᠭᠰᠠᠨ ᠦᠷ᠎ᠡ ᠬᠡᠦᠬᠡᠳ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡᠨ ᠤ | ᠠᠵᠢᠯ ᠳᠤ ᠣᠷᠤᠯᠴᠠᠭᠤᠯᠬᠤ ᠬᠡᠷᠡᠭᠲᠡᠢ᠃ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠥᠴᠢᠷ ᠤᠳ ᠭᠠᠶᠢᠯᠢ | ᠰᠦᠢᠳᠬᠡᠯ ᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠬᠠᠤᠯᠢ ᠶᠣᠰᠣᠭᠠᠷ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠬᠦᠷᠲᠡᠭᠡᠬᠦ ᠠᠵᠤ ᠠᠬᠤᠶᠢᠯᠠᠯ ᠤᠳ ᠰᠤᠷᠭᠠᠭᠤᠯᠢ᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠪᠡᠯᠡᠳᠬᠡᠮᠵᠢ ᠳᠤ ᠲᠦᠰᠢᠭᠯᠡᠨ᠂ ᠭᠡᠷ ᠲᠡᠭᠡᠨ ᠦᠯᠡᠳᠡᠵᠦ ᠬᠤᠴᠣᠷᠤᠭᠰᠠᠨ ᠦᠷ᠎ᠡ ᠬᠡᠦᠬᠡᠳ ᠢ ᠨᠠᠶᠢᠳᠠᠨ ᠬᠠᠮᠢᠶᠠᠷᠬᠤ | ᠦᠢᠯᠡᠴᠢᠯᠡᠭᠡᠨ ᠤ ᠪᠠᠶᠢᠭᠤᠯᠤᠮᠵᠢ ᠶᠢ ᠡᠷᠬᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠠᠭᠠᠨ | ᠦᠯᠡᠳᠡᠵᠦ ᠬᠤᠴᠣᠷᠤᠭᠰᠠᠨ ᠦᠷ᠎ᠡ ᠬᠡᠦᠬᠡᠳ ᠲᠤ ᠬᠠᠶᠢᠷ᠎ᠠ ᠬᠠᠯᠠᠮᠵᠢ ᠶᠢᠨ ᠦᠢᠯᠡᠴᠢᠯᠡᠭᠡᠨ ᠬᠠᠩᠭᠠᠬᠤ ᠳᠤᠨᠢ | ᠳᠡᠮᠵᠢᠯᠭᠡ ᠦᠵᠡᠭᠦᠯᠬᠦ ᠬᠡᠷᠡᠭᠲᠡᠶ ᠭᠡᠪᠡ᠃ | ᠬᠡᠤᠬᠡᠳ ᠪᠠᠭᠠᠴᠤᠳ ᠤᠨ ᠭᠡᠷ ᠲᠡᠭᠡᠨ ᠦᠯᠡᠳᠡᠵᠦ ᠬᠤᠴᠤᠷᠬᠤ ᠦᠵᠡᠭᠳᠡᠯ ᠢ ᠪᠠᠭᠠᠰᠬᠠᠬᠤ ᠬᠡᠷᠡᠭᠲᠡᠢ | ︽ᠬᠡᠷᠡᠭᠵᠢᠭᠦᠯᠬᠦ ᠰᠠᠨᠠᠯ︾ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠨᠤᠭᠤᠳ ᠰᠢᠨ᠎ᠡ ᠮᠠᠶ᠋ᠢᠭ ᠤᠨ | ᠬᠤᠲᠠ ᠪᠠᠯᠭᠠᠰᠤᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠡᠷᠦᠬᠡ ᠠᠮᠠ ᠶᠢᠨ | ᠳᠠᠩᠰᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠦᠷ᠎ᠡ ᠬᠡᠦᠬᠡᠳ ᠢᠶᠠᠨ ᠳᠠᠭᠠᠭᠤᠯᠤᠨ ᠪᠦᠬᠦ ᠭᠡᠷ ᠢᠶᠠᠷ ᠢᠶᠠᠨ ᠬᠤᠲᠠ ᠤᠷᠤᠵᠤ ᠰᠠᠭᠤᠷᠢᠰᠢᠬᠤ ᠶᠢ ᠨᠢ ᠳᠡᠮᠵᠢᠨ | ᠬᠠᠪᠰᠤᠷᠴᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠳᠤ ᠦᠷ᠎ᠡ ᠬᠡᠦᠬᠡᠳ ᠢᠶᠠᠨ ᠰᠤᠷᠭᠠᠭᠤᠯᠢ ᠳᠤ ᠤᠷᠤᠭᠤᠯᠬᠤ᠂ | ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠠᠰᠠᠷᠠᠮᠵᠢ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ | ᠲᠠᠯ᠎ᠠ ᠪᠠᠷ ᠬᠤᠲᠠ ᠶᠢᠨ ᠰᠠᠭᠤᠭᠠᠯᠢ ᠠᠷᠠᠳ ᠲᠠᠢ ᠠᠳᠠᠯᠢ ᠬᠠᠷᠠᠭᠠᠯᠵᠠᠯ ᠬᠦᠷᠲᠡᠭᠡᠵᠦ᠂ ᠲᠡᠳᠡ ᠨᠠᠷ ᠤᠨ ᠨᠠᠰᠤᠨ ᠳᠤ | ᠬᠦᠷᠦᠭᠡᠳᠦᠢ ᠦᠷ᠎ᠡ ᠬᠡᠦᠬᠡᠳ ᠢᠶᠠᠨ ᠬᠢᠨᠠᠨ ᠬᠠᠮᠠᠭᠠᠯᠠᠨ ᠬᠠᠷᠠᠭᠠᠯᠵᠠᠬᠤ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ | ᠥᠭᠬᠦ ᠬᠡᠷᠡᠭᠲᠡᠶ᠃ ᠡᠯ᠎ᠡ ᠭᠠᠵᠠᠷ ᠣᠷᠣᠨ ᠰᠢᠶᠠᠨ ᠤ ᠬᠡᠪᠴᠢᠶᠡᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ | ᠬᠥᠯᠥᠰᠥᠨ ᠠᠵᠢᠯᠴᠢᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠨ ᠠᠵᠢᠯ ᠣᠯᠬᠤ ᠶᠢ ᠳᠡᠮᠵᠢᠬᠦ | ᠲᠤᠬᠠᠶ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ | ᠰᠢᠨ᠎ᠡ ᠶᠢ ᠡᠭᠦᠳᠬᠦ ᠶᠢ ᠠᠬᠢᠭᠤᠯᠤᠨ᠂ ᠣᠷᠣᠨ ᠨᠤᠲᠤᠭ ᠤᠨ ᠳᠠᠪᠠᠭᠤᠯᠢᠭ ᠠᠵᠤ ᠦᠢᠯᠡᠰ ᠪᠣᠯᠤᠨ ᠦᠪᠡᠷᠮᠢᠴᠡ | ᠣᠨᠴᠠᠯᠢᠭᠲᠤ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠤᠶᠢᠷ᠎ᠠ | ᠬᠠᠪᠢ ᠳᠠᠭᠠᠨ ᠠᠵᠢᠯ ᠤᠯᠬᠤ ᠶᠢ ᠠᠬᠢᠭᠤᠯᠤᠨ᠂ ᠬᠡᠤᠬᠡᠳ ᠪᠠᠭᠠᠴᠤᠳ ᠤᠨ ᠭᠡᠷ ᠲᠡᠭᠡᠨ ᠦᠯᠡᠳᠡᠵᠦ ᠬᠤᠴᠤᠷᠬᠤ | ᠦᠵᠡᠭᠳᠡᠯ ᠢ ᠡᠬᠢ ᠡᠭᠦᠰᠦᠯ ᠠᠴᠠ ᠨᠢ ᠪᠠᠭᠠᠰᠬᠠᠬᠤ ᠬᠡᠷᠡᠭᠲᠡᠢ ᠭᠡᠪᠡ᠃ |