| ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠶ ᠶᠢᠨ ᠠᠵᠤ ᠦᠢᠯᠡᠰ ︵ | ᠣᠯᠠᠨ ᠤᠯᠤᠰ︶ ᠤᠨ ᠶᠠᠷᠢᠶᠠᠨ ᠤ ᠲᠠᠪᠴᠠᠩ ᠤᠨ ᠲᠥᠷᠥᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ 8 ᠤ | ᠡᠳᠦᠷ ᠤᠨ ᠦᠳᠡ ᠶᠢᠨ ᠡᠮᠦᠨ᠎ᠡ ᠪᠤᠭᠤᠲᠤ ᠶᠢᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ | ᠶᠠᠪᠤᠭᠳᠠᠪᠠ᠃ 31 ᠲᠥᠷᠥᠯ ᠵᠦᠢᠯ ᠳᠤ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 100 | ᠳ᠋ᠦᠩᠰᠢᠭᠤᠷ ᠲᠥᠭᠦᠷᠢᠭ ᠲᠤ ᠬᠦᠷᠴᠦ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ ᠳᠡᠭᠡᠷ᠎ᠡ ᠬᠤᠭᠤᠴᠠᠭᠠᠨ ᠤ | ᠶᠠᠷᠢᠶᠠᠨ ᠤ ᠲᠠᠪᠴᠠᠩ ᠲᠠᠢ ᠬᠠᠷᠢᠴᠠᠭᠤᠯᠪᠠᠯ 70 ᠳ᠋ᠦᠩᠰᠢᠭᠤᠷ ᠲᠥᠭᠦᠷᠢᠭ ᠰᠢᠬᠠᠮ ᠨᠡᠮᠡᠭᠳᠡᠪᠡ᠃ | ᠭᠡᠷ᠎ᠡ ᠲᠣᠭᠲᠠᠭᠰᠠᠨ ᠲᠥᠷᠥᠯ ᠵᠦᠢᠯ ᠳᠣᠲᠣᠷ᠎ᠠ᠂ ᠨᠧᠦᠳᠢᠮ ᠲᠡᠮᠦᠷ ᠪᠤᠷ ᠤᠨ ᠬᠤᠯᠪᠣᠭᠳᠠᠯ ᠪᠦᠬᠦᠢ ᠲᠥᠷᠥᠯ | ᠵᠦᠢᠯ ᠨᠢ ᠬᠠᠮᠤᠭ ᠤᠨ ᠥᠨᠳᠦᠷ ᠬᠠᠷᠢᠴᠠᠯ ᠢ ᠡᠵᠡᠯᠡᠪᠡ᠃ ᠪᠤᠰᠤᠳ ᠲᠥᠷᠥᠯ ᠵᠦᠢᠯ ᠳᠤ ᠰᠢᠨᠬᠤᠸᠠ ︵ᠪᠤᠭᠤᠲᠤ︶ | ᠬᠤᠪᠣᠷ ᠰᠢᠷᠣᠶ ᠶᠢᠨ ᠢᠯᠡᠳᠬᠡᠭᠴᠢ ᠶᠢᠨ ᠬᠤᠷᠰᠢᠨ ᠨᠡᠭᠡᠭᠡᠨ ᠠᠰᠢᠭᠯᠠᠬᠤ ᠵᠥᠪᠳᠡᠯᠴᠡᠭᠡᠷ᠂ ᠴᠣᠯ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡ ᠳᠤ ᠬᠡᠷᠡᠭᠯᠡᠬᠦ ᠳᠡᠭᠡᠳᠦ ᠴᠢᠳᠠᠪᠬᠢᠳᠥ ᠰᠣᠷᠢᠨᠵᠢᠨ ᠪᠡᠶ᠎ᠡ ᠶᠢᠨ ᠲᠥᠷᠥᠯ ᠵᠦᠢᠯ᠂ | ᠬᠤᠪᠣᠷ ᠰᠢᠷᠣᠶ ᠶᠢᠨ ᠪᠠᠶᠢᠩᠭᠤ ᠰᠣᠷᠢᠨᠵᠢᠨ ᠴᠠᠬᠢᠯᠭᠠᠨ ᠮᠠᠰᠢᠨ ᠡᠵᠡᠮᠳᠡᠬᠦ ᠰᠢᠰᠲ᠋ᠧᠮ ᠤᠨ ᠰᠤᠳᠤᠯᠤᠨ ᠨᠡᠭᠡᠭᠡᠯᠲᠡ᠂ | ᠳᠡᠭᠡᠳᠦ ᠳᠡᠰ ᠤᠨ ᠬᠤᠪᠣᠷ ᠰᠢᠷᠣᠶ ᠶᠢᠨ ᠥᠷᠥᠮᠡᠯ ᠮᠠᠲ᠋ᠧᠷᠢᠶᠠᠯ ᠤᠨ ᠠᠵᠤ ᠦᠢᠯᠡᠰᠵᠢᠭᠦᠯᠦᠯᠲᠡ᠂ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡ ᠶᠢᠨ ᠭᠤᠣᠯ ᠰᠡᠯᠪᠢᠭ ᠲᠤᠨᠤᠭ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ | ᠵᠦᠢᠯ᠂ ᠵᠢᠯ ᠳᠤ ᠬᠤᠶᠠᠷ ᠳ᠋ᠦᠩᠰᠢᠭᠤᠷ ᠨᠢᠺᠧᠯ ᠤᠰᠤᠲᠥ᠋ᠷᠥᠭᠴᠢ ᠶᠢᠨ ᠬᠥᠳᠡᠯᠭᠡᠭᠴᠢ ᠬᠦᠴᠦᠨ ᠤ ᠵᠠᠢ | ᠦᠢᠯᠡᠳᠪᠦᠷᠢᠯᠡᠬᠦ ᠲᠥᠷᠥᠯ ᠵᠦᠢᠯ ᠵᠡᠷᠭᠡ ᠪᠠᠭᠲᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠦᠩ ᠾᠧ ᠢᠯᠡᠳᠬᠡᠭᠰᠡᠨ ᠨᠢ᠂ ᠲᠤᠰ ᠤᠳᠠᠭᠠᠨ ᠤ | ᠶᠠᠷᠢᠶᠠᠨ ᠤ ᠲᠠᠪᠴᠠᠩ ᠳᠤ ᠭᠡᠷ᠎ᠡ ᠲᠣᠭᠲᠠᠭᠰᠠᠨ ᠲᠥᠷᠥᠯ ᠵᠦᠢᠯ ᠨᠢ ᠬᠤᠪᠣᠷ ᠰᠢᠷᠣᠶ ᠶᠢᠨ ᠪᠠᠶᠢᠩᠭᠤ ᠰᠣᠷᠢᠨᠵᠢᠨ᠂ | ᠲᠦᠷᠭᠡᠳᠬᠡᠭᠦᠷ᠂ ᠬᠠᠶᠢᠯᠤᠰᠢ᠂ ᠤᠰᠤᠲᠥ᠋ᠷᠥᠭᠴᠢ ᠬᠠᠳᠠᠭᠠᠯᠬᠤ ᠵᠡᠷᠭᠡ ᠬᠡᠳᠦᠨ ᠲᠣᠮᠣ ᠠᠵᠤ ᠦᠢᠯᠡᠰ ᠤᠨ | ᠬᠡᠯᠬᠢᠶ᠎ᠡ ᠶᠢᠨ ᠰᠢᠨ᠎ᠡ ᠮᠠᠲ᠋ᠧᠷᠢᠶᠠᠯ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠦᠢᠯᠡᠳᠬᠦᠨ ᠳᠤ | ᠬᠤᠯᠪᠣᠭᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠥᠨᠳᠥᠷ᠂ ᠬᠥᠭᠵᠢᠯᠲᠡ ᠶᠢᠨ ᠳᠠᠯᠳᠠ | ᠬᠦᠴᠦᠨ ᠶᠡᠭᠡ᠂ ᠵᠠᠬ᠎ᠠ ᠳᠡᠯᠭᠡᠭᠦᠷ ᠤᠨ ᠳᠠᠭᠠᠭᠤᠯᠬᠤ ᠴᠢᠳᠠᠯ ᠢᠶᠠᠷ ᠴᠢᠩᠭ᠎ᠠ ᠵᠡᠷᠭᠡ ᠣᠨᠴᠠᠯᠢᠭ ᠲᠠᠢ ᠪᠠᠶᠢᠵᠤ᠂ | ᠪᠤᠭᠤᠲᠤ ᠬᠤᠳᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠬᠤᠪᠣᠷ ᠰᠢᠷᠣᠶ ᠶᠢᠨ ᠠᠵᠤ ᠦᠢᠯᠡᠰ ᠢ ᠲᠦᠷᠭᠡᠨ ᠬᠥᠭᠵᠢᠭᠦᠯᠬᠦ ᠳᠤ ᠰᠢᠨ᠎ᠡ ᠠᠮᠢᠵᠢᠷᠠᠯ ᠤᠨ | ᠬᠦᠴᠦᠨ ᠣᠯᠭᠤᠪᠠ ᠭᠡᠵᠡᠢ᠃ |