2016 ᠣᠨ ᠤ ᠳᠤᠮᠳᠠᠳᠤ ᠤᠯᠤᠰ· ᠨᠤᠲᠤᠭ ᠪᠡᠯᠴᠢᠭᠡᠷ ᠤᠨ ᠠᠮᠢ ᠠᠬᠤᠶ ᠶᠢᠨ ᠲᠦᠷᠪᠡᠨ ᠵᠦᠢᠯ ᠤᠨ ᠢᠯᠡ ᠤᠷᠤᠯᠳᠤᠭᠠᠨ ᠢ ᠥᠪᠥᠷ ᠮᠣᠩᠭᠤᠯ ᠳᠤ ᠡᠷᠬᠢᠯᠡᠪᠡ
ᠨᠡᠶᠢᠲᠡᠯᠡᠭᠰᠡᠨ ᠴᠠᠭ᠄
2016/8/9
    8 ᠳ᠋ᠤᠭᠠᠷ ᠰᠠᠷ᠎ᠠ ᠶᠢᠨ 7᠎ ᠤ ᠡᠳᠦᠷ᠂ 2016 ᠣᠨ ᠤ ᠳᠤᠮᠳᠠᠳᠤ ᠤᠯᠤᠰ· ᠨᠤᠲᠤᠭ ᠪᠡᠯᠴᠢᠭᠡᠷ ᠤᠨ ᠠᠮᠢ ᠠᠬᠤᠶ ᠶᠢᠨ ᠲᠦᠷᠪᠡᠨ ᠵᠦᠢᠯ ᠤᠨ ᠢᠯᠡ ᠤᠷᠤᠯᠳᠤᠭᠠᠨ ᠢ ᠥᠪᠥᠷ ᠮᠣᠩᠭᠤᠯ ᠤᠨ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠤᠨ ᠪᠠ ᠸᠠᠩ ᠡᠾᠧ ᠭᠤᠣᠯ ᠠᠮᠢ ᠠᠬᠤᠶ ᠶᠢᠨ ᠴᠡᠴᠡᠷᠯᠢᠭ ᠲᠤ ᠡᠬᠢᠯᠡᠪᠡ᠃     ᠤᠷᠤᠯᠳᠤᠭᠠᠨ ᠢ ᠳᠥᠷᠪᠡᠨ ᠵᠦᠢᠯ ᠤᠨ ᠳᠤᠭᠤᠶᠢᠯᠠᠩ ᠪᠣᠯᠣᠨ ᠪᠡᠶᠡᠴᠢᠯᠡᠨ ᠣᠶᠢᠯᠠᠭᠠᠬᠤ ᠳᠤᠭᠤᠶᠢᠯᠠᠩ  ᠭᠡᠵᠦ ᠬᠤᠶᠠᠷ ᠬᠤᠪᠢᠶᠠᠪᠠ᠃ ᠲᠦᠷᠪᠡᠨ ᠵᠦᠢᠯ ᠤᠨ ᠳᠤᠭᠤᠶᠢᠯᠠᠩ ᠤᠨ ᠤᠷᠤᠯᠳᠤᠭᠠᠨ ᠨᠢ ᠰᠡᠯᠢᠭᠦᠷ ᠲᠤᠯᠤᠮ  ᠣᠩᠭᠤᠴᠠ᠂ ᠰᠤᠷ ᠬᠠᠷᠪᠤᠬᠤ᠂ ᠳᠤᠭᠤᠶ ᠲᠡᠷᠭᠡ᠂ ᠬᠡᠭᠡᠷ᠎ᠡ ᠶᠢᠨ ᠭᠦᠶᠦᠯᠲᠡ ᠪᠠᠶᠢᠵᠤ᠂ ᠪᠡᠶᠡᠴᠢᠯᠡᠨ ᠣᠶᠢᠯᠠᠭᠠᠬᠤ ᠳᠤᠭᠤᠶᠢᠯᠠᠩ ᠤᠨ ᠣᠷᠣᠯᠳᠤᠭᠠᠨ ᠤ ᠵᠦᠢᠯ ᠨᠢ ᠰᠡᠯᠢᠭᠦᠷ ᠲᠤᠯᠤᠮ ᠣᠩᠭᠤᠴᠠᠨ ᠤ ᠤᠷᠤᠯᠳᠤᠭᠠᠨ ᠢ ᠬᠠᠰᠤᠭᠰᠠᠨ ᠪᠠᠶᠢᠨ᠎ᠠ᠃ ᠡᠭᠦᠨ ᠳᠤ᠂ ᠲᠦᠷᠪᠡᠨ ᠵᠦᠢᠯ ᠤᠨ ᠳᠤᠭᠤᠶᠢᠯᠠᠩ ᠤᠨ ᠤᠷᠤᠯᠳᠤᠭᠠᠨ ᠤ ᠵᠠᠶ ᠨᠢ 29 ᠺᠢᠯᠣᠮᠧᠲᠷ᠂ ᠪᠡᠶᠡᠴᠢᠯᠡᠨ ᠣᠶᠢᠯᠠᠭᠠᠬᠤ ᠳᠤᠭᠤᠶᠢᠯᠠᠩ ᠤᠨ ᠬᠢ 24 ᠺᠢᠯᠣᠮᠧᠲᠷ ᠪᠠᠶᠢᠵᠤ᠂  ᠤᠯᠤᠰ ᠤᠨ ᠳᠣᠲᠣᠭᠠᠳᠤ ᠭᠠᠳᠠᠭᠠᠳᠤ ᠶᠢᠨ ᠭᠡᠷ ᠤᠨ ᠭᠠᠳᠠᠨᠠᠬᠢ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠮᠢᠩᠭ᠎ᠠ ᠭᠠᠷᠤᠢ ᠬᠥᠮᠥᠰ ᠣᠷᠣᠯᠴᠠᠪᠠ᠃      ᠠᠮᠢ ᠠᠬᠤᠶ ᠶᠢᠨ ᠲᠦᠷᠪᠡᠨ ᠵᠦᠢᠯ ᠤᠨ ᠲᠠᠮᠢᠷ ᠤᠨ ᠬᠥᠳᠡᠯᠭᠡᠭᠡᠨ ᠨᠢ ᠵᠢᠶᠠᠩᠰᠦ ᠮᠤᠵᠢ ᠶᠢᠨ ᠰᠦᠴᠢᠶᠠᠨ ᠬᠤᠲᠠ ᠳᠤ ᠠᠩᠬ᠎ᠠ ᠮᠡᠨᠳᠦᠯᠡᠵᠦ᠂ ᠰᠦᠴᠢᠶᠠᠨ ᠤ ᠯᠦᠸᠧ ᠮᠠ ᠨᠠᠭᠤᠷ᠂ ᠰᠠᠨ ᠲᠠᠢ ᠱᠠᠨ ᠠᠭᠤᠯᠠ ᠶᠢᠨ ᠣᠯᠠᠨ ᠠᠴᠠ ᠣᠨᠴᠠᠭᠠᠢ ᠠᠮᠢ ᠠᠬᠤᠶ᠂ ᠰᠣᠶᠣᠯ ᠪᠣᠯᠪᠠᠰᠤᠷᠠᠯ᠂ ᠥᠩᠭᠡ ᠦᠵᠡᠮᠵᠢ ᠶᠢᠨ ᠲᠠᠪᠠᠭᠤᠯᠢᠭ ᠲᠤ ᠲᠦᠰᠢᠭᠯᠡᠵᠦ᠂ ᠤᠳᠤ ᠦᠶ᠎ᠡ ᠶᠢᠨ ᠪᠡᠶ᠎ᠡ ᠶᠢᠨ ᠲᠠᠮᠢᠷ ᠪᠣᠯᠣᠨ ᠭᠡᠷ ᠤᠨ ᠭᠠᠳᠠᠨᠠᠬᠢ ᠬᠥᠳᠡᠯᠭᠡᠭᠡᠨ ᠤ ᠣᠨᠣᠯᠵᠢᠬᠤᠨ ᠢ ᠰᠢᠩᠭᠡᠭᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号