ᠳᠡᠭᠡᠷ᠎ᠡ ᠬᠠᠭᠠᠰ ᠵᠢᠯ ᠳᠤ ᠥᠪᠥᠷ ᠮᠣᠩᠭᠤᠯ 5385 ᠵᠦᠢᠯ ᠤᠨ ᠲᠤᠰᠬᠠᠶ ᠠᠰᠢᠭ ᠭᠤᠶᠤᠴᠢᠯᠠᠨ  ᠠᠳᠠᠯᠢ ᠬᠤᠭᠤᠴᠠᠭᠠᠨ ᠤ ᠬᠢ ᠠᠴᠠ 25.12% ᠨᠡᠮᠡᠭᠳᠡᠪᠡ
ᠨᠡᠶᠢᠲᠡᠯᠡᠭᠰᠡᠨ ᠴᠠᠭ᠄
2016/8/9
      ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠲᠤᠰᠬᠠᠶ ᠠᠰᠢᠭ ᠤᠨ ᠲᠤᠭ᠎ᠠ ᠪᠦᠷᠢᠳᠬᠡᠯ ᠠᠴᠠ ᠦᠵᠡᠪᠡᠯ᠂ 2016 ᠣᠨ ᠤ 6 ᠳ᠋ᠤᠭᠠᠷ ᠰᠠᠷ᠎ᠠ ᠪᠣᠯᠬᠤ ᠳᠤ᠂ ᠥᠪᠥᠷ ᠮᠣᠩᠭᠤᠯ ᠤᠨ ᠲᠤᠰᠬᠠᠶ ᠠᠰᠢᠭ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠭᠰᠡᠨ ᠬᠡᠮᠵᠢᠶ᠎ᠡ ᠨᠢ 5385 ᠎ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.12% ᠨᠡᠮᠡᠭᠳᠡᠪᠡ᠃ ᠡᠭᠦᠨ ᠳᠤ ᠡᠭᠦᠷᠭᠡ ᠲᠤᠰᠢᠶᠠᠯ ᠤᠨ ᠭᠤᠶᠤᠴᠢᠯᠠᠯ 3158 ᠵᠦᠢᠯ᠂ ᠡᠭᠦᠷᠭᠡ ᠲᠤᠰᠢᠶᠠᠯ ᠤᠨ ᠪᠤᠰᠤ ᠭᠤᠶᠤᠴᠢᠯᠠᠯ 2227 ᠵᠦᠢᠯ ᠪᠠᠶᠢᠪᠠ᠃ ᠪᠦᠬᠦ ᠣᠷᠣᠨ ᠤ ᠲᠤᠰᠬᠠᠶ ᠠᠰᠢᠭ ᠲᠤ ᠡᠷᠬᠡ ᠣᠯᠭᠤᠭᠰᠠᠨ ᠬᠡᠮᠵᠢᠶ᠎ᠡ ᠨᠢ 2466 ᠵᠦᠢᠯ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.59% ᠨᠡᠮᠡᠭᠳᠡᠪᠡ᠃ ᠡᠭᠦᠨ ᠳᠤ ᠡᠭᠦᠷᠭᠡ ᠲᠤᠰᠢᠶᠠᠯ ᠤᠨ ᠡᠭᠦᠳᠦᠨ ᠪᠦᠲᠦᠭᠡᠯᠲᠡ 1654 ᠵᠦᠢᠯ᠂ ᠡᠭᠦᠷᠭᠡ ᠲᠤᠰᠢᠶᠠᠯ ᠤᠨ ᠪᠤᠰᠤ ᠡᠭᠦᠳᠦᠨ ᠪᠦᠲᠦᠭᠡᠯᠲᠡ 812 ᠵᠦᠢᠯ ᠪᠠᠶᠢᠨ᠎ᠠ᠃ ᠡᠷᠬᠡ ᠣᠯᠭᠤᠭᠰᠠᠨ ᠲᠤᠰᠬᠠᠶ ᠠᠰᠢᠭ ᠤᠨ ᠳᠣᠲᠤᠷ᠎ᠠ᠂ ᠡᠭᠦᠳᠦᠡ ᠪᠦᠲᠦᠭᠡᠯᠲᠡ ᠶᠢᠨ ᠲᠤᠰᠬᠠᠶ ᠠᠰᠢᠭ 501 ᠵᠦᠢᠯ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.82% ᠨᠡᠮᠡᠭᠳᠡᠪᠡ᠂ ᠡᠭᠦᠨ ᠳᠤ ᠡᠭᠦᠷᠭᠡ ᠲᠤᠰᠢᠶᠠᠯ ᠤᠨ ᠡᠭᠦᠳᠦᠨ ᠪᠦᠲᠦᠭᠡᠯᠲᠡ ᠶᠢᠨ ᠲᠤᠰᠬᠠᠶ ᠠᠰᠢᠭ 402 ᠵᠦᠢᠯ᠂ ᠡᠭᠦᠷᠭᠡ ᠲᠤᠰᠢᠶᠠᠯ ᠤᠨ ᠪᠤᠰᠤ ᠡᠭᠦᠳᠦᠯᠲᠡ ᠪᠦᠲᠦᠭᠡᠯᠲᠡ ᠶᠢᠨ ᠲᠤᠰᠬᠠᠶ ᠠᠰᠢᠭ 99 ᠵᠦᠢᠯ ᠪᠠᠶᠢᠨ᠎ᠠ᠃ ᠡᠷᠬᠡ ᠣᠯᠭᠤᠭᠰᠠᠨ ᠡᠭᠦᠷᠭᠡ ᠲᠤᠰᠢᠶᠠᠯ ᠤᠨ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠳᠣᠲᠤᠷ᠎ᠠ ᠠᠵᠤ ᠠᠬᠤᠶᠢᠯᠠᠯ ᠤᠨ ᠲᠤᠰᠬᠠᠶ ᠠᠰᠢᠭ 264 ᠵᠦᠢᠯ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠠᠰᠢᠭ 97 ᠵᠦᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠤᠰᠬᠠᠶ ᠠᠰᠢᠭ 23 ᠵᠦᠢᠯ᠂ ᠪᠠᠶᠢᠭᠤᠯᠭ᠎ᠠ ᠪᠦᠯᠬᠦᠮ ᠤᠨ ᠲᠤᠰᠬᠠᠶ ᠠᠰᠢᠭ 18 ᠵᠦᠢᠯ ᠪᠠᠶᠢᠨ᠎ᠠ ᠃ ᠡᠷᠬᠡ ᠣᠯᠭᠤᠭᠰᠠᠨ ᠲᠤᠰᠬᠠᠶ ᠠᠰᠢᠭ ᠤᠨ ᠳᠣᠲᠣᠷ᠎ᠠ ᠬᠡᠷᠡᠭᠯᠡᠭᠡᠨ ᠤ ᠰᠢᠨ᠎ᠡ ᠬᠡᠯᠪᠡᠷᠢ ᠶᠢᠨ ᠲᠤᠰᠬᠠᠶ ᠠᠰᠢᠭ ᠨᠢ 1684 ᠵᠦᠢᠯ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.04% ᠨᠡᠮᠡᠭᠳᠡᠪᠡ︔ ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠶ ᠠᠰᠢᠭ 281 ᠵᠦᠢᠯ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 16.86% ᠨᠡᠮᠡᠭᠳᠡᠪᠡ᠃ ᠡᠭᠦᠨ ᠠᠴᠠ ᠭᠠᠳᠠᠨ᠎ᠠ᠂ 6 ᠳ᠋ᠤᠭᠠᠷ ᠰᠠᠷ᠎ᠠ ᠪᠣᠯᠬᠤ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ PCT ᠣᠯᠠᠨ ᠤᠯᠤᠰ ᠤᠨ ᠲᠤᠰᠬᠠᠶ ᠠᠰᠢᠭ ᠤᠨ ᠭᠤᠶᠤᠴᠢᠯᠠᠯ ᠨᠢ 10 ᠵᠦᠢᠯ ᠪᠠᠶᠢᠵᠤ᠂ ᠲᠦᠮᠡᠨ ᠬᠥᠮᠦᠨ ᠪᠦᠷᠢ ᠳᠤ ᠨᠣᠭᠳᠠᠬᠤ ᠡᠭᠦᠳᠦᠨ ᠪᠦᠲᠦᠭᠡᠯᠲᠡ ᠶᠢᠨ ᠲᠤᠰᠬᠠᠶ ᠠᠰᠢᠭ ᠤᠨ ᠬᠡᠮᠵᠢᠶ᠎ᠡ ᠨᠢ ᠵᠢᠯ ᠤᠨ ᠡᠬᠢᠨ ᠳᠤ 1.22 ᠵᠦᠢᠯ ᠪᠠᠶᠢᠭᠰᠠᠨ ᠠᠴᠠ ᠪᠠᠨ 1.39 ᠵᠦᠢᠯ ᠪᠣᠯᠤᠨ ᠰᠢᠨ᠎ᠡ ᠪᠠᠷ ᠨᠡᠮᠡᠭᠳᠡᠪᠡ᠃      ᠳᠡᠭᠡᠷᠡᠬᠢ ᠲᠤᠭ᠎ᠠ ᠪᠠᠷᠢᠮᠲᠠ ᠠᠴᠠ ᠦᠵᠡᠪᠡᠯ᠂ ᠳᠡᠭᠡᠷ᠎ᠡ ᠬᠠᠭᠠᠰ ᠵᠢᠯ ᠳᠤ ᠥᠪᠥᠷ ᠮᠣᠩᠭᠤᠯ ᠤᠨ ᠲᠤᠰᠬᠠᠶ ᠠᠰᠢᠭ ᠤᠨ ᠲᠤᠭ᠎ᠠ ᠬᠡᠮᠵᠢᠶ᠎ᠡ ᠦᠳᠲᠡᠷ ᠲᠦᠷᠭᠡᠨ ᠨᠡᠮᠡᠭᠳᠡᠵᠦ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠯᠲᠡ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠪᠦᠲᠦᠮᠵᠢᠲᠡᠢ ᠪᠠᠷ ᠪᠠᠲᠤᠵᠢᠵᠤ᠂ ᠲᠤᠰᠬᠠᠶ ᠠᠰᠢᠭ ᠤᠨ ᠲᠤᠭ᠎ᠠ ᠬᠡᠮᠵᠢᠶ᠎ᠡ ᠨᠡᠮᠡᠭᠳᠡᠭᠰᠡᠨ ᠤ ᠬᠠᠮᠲᠤ ᠥᠪᠥᠷ ᠮᠣᠩᠭᠤᠯ ᠤᠨ ᠲᠤᠰᠬᠠᠶ ᠠᠰᠢᠭ ᠤᠨ ᠭᠤᠶᠤᠴᠢᠯᠠᠯ ᠤᠨ ᠪᠦᠲᠦᠴᠡ ᠤᠯᠠᠮ ᠰᠢᠯᠢᠳᠡᠭᠵᠢᠵᠦ᠂ ᠲᠤᠰᠬᠠᠶ ᠠᠰᠢᠭ ᠤᠨ ᠭᠤᠶᠤᠴᠢᠯᠠᠯ ᠤᠨ ᠶᠠᠰᠤ ᠴᠢᠨᠠᠷ ᠪᠣᠯᠤᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠥᠪᠰᠢᠨ ᠨᠢ ᠶᠠᠭ ᠯᠠᠪᠳᠠᠭᠤᠨ ᠢᠶᠠᠷ ᠳᠡᠭᠡᠭᠰᠢᠯᠡᠵᠦ ᠪᠠᠶᠢᠬᠤ ᠶᠢ ᠬᠠᠷᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号