ᠥᠪᠥᠷ ᠮᠣᠩᠭᠤᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠨᠢᠭᠡᠳᠦᠯᠲᠡᠶ ᠵᠠᠷᠤᠳᠠᠯ ᠲᠤᠰᠢᠶᠠᠬᠤ ᠬᠠᠷᠢᠴᠠᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2016/9/1
      ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︽ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠦᠯᠦᠪᠯᠡᠯᠭᠡ ᠶᠢᠨ ᠬᠤᠯᠪᠣᠭᠳᠠᠯ ᠪᠦᠬᠦᠢ ᠠᠰᠠᠭᠤᠳᠠᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠨᠡᠶᠢᠲᠡᠯᠡᠪᠡ᠃ ᠲᠤᠰ ︽ᠮᠡᠳᠡᠭᠳᠡᠯ︾᠎ ᠨᠢ 2015 ᠣᠨ ᠳᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠲᠥᠯᠥᠪᠯᠡᠬᠦ ᠠᠷᠭ᠎ᠠ︾᠎ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠦᠬᠦᠪᠦᠷᠢᠯᠡᠵᠦ᠂ ᠤᠢᠢᠷ᠎ᠠ ᠶᠢᠨ ᠵᠢᠯ ᠤᠳ ᠲᠤ ᠮᠠᠨ ᠤ ᠤᠷᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠡᠷᠬᠢᠯᠡᠨ ᠭᠦᠢᠴᠡᠳᠬᠡᠬᠦ ᠠᠵᠢᠯ ᠤᠨ ᠳᠤᠮᠳᠠ ᠲᠣᠬᠢᠶᠠᠯᠳᠤᠭᠰᠠᠨ ᠵᠠᠷᠢᠮ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠲᠣᠳᠣᠷᠬᠠᠶ ᠪᠣᠰᠤ ᠪᠠ ᠨᠢᠭᠡᠳᠦᠯ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃      ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠨᠡᠩ ᠢᠯᠡ ᠲᠣᠳᠣ ᠪᠣᠯᠭᠠᠨ   ᠠᠵᠢᠯ ᠣᠯᠤᠭᠰᠠᠳ ᠤᠨ ᠰᠢᠯᠵᠢᠯᠲᠡ ᠶᠢᠨ ᠠᠷᠭ᠎ᠠ ᠬᠡᠮᠵᠢᠶ᠎ᠡ ᠠᠪᠬᠤ ᠶᠢ ᠠᠮᠢᠳᠤᠯᠢᠭ ᠪᠣᠯᠭᠠᠪᠠ      ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠨᠡᠶᠢᠲᠡᠯᠡᠭᠰᠡᠨ ︽ᠮᠡᠳᠡᠭᠳᠡᠯ︾᠎ ᠳᠤ ᠲᠣᠳᠣᠷᠬᠠᠶᠢᠯᠠᠭᠰᠠᠨ ᠢᠶᠠᠷ᠂ ᠪᠦᠬᠦ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠨᠢᠭᠡᠳᠦᠯᠲᠡᠶ ᠵᠠᠷᠤᠳᠠᠯ ᠲᠤᠰᠢᠶᠠᠬᠤ ᠬᠠᠷᠢᠴᠠᠯ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠵᠠᠷᠤᠳᠠᠯ ᠲᠤᠰᠢᠶᠠᠬᠤ ᠬᠠᠷᠢᠴᠠᠯ ᠨᠢ 20%᠂ ᠠᠵᠢᠯᠲᠠᠨ ᠠᠵᠢᠯᠴᠢᠨ ᠬᠤᠪᠢ ᠬᠥᠮᠦᠨ ᠤ ᠵᠠᠷᠤᠳᠠᠯ ᠲᠤᠰᠢᠶᠠᠬᠤ ᠬᠠᠷᠢᠴᠠᠯ ᠨᠢ 8% ᠪᠣᠯᠤᠨ᠎ᠠ︔ ᠬᠥᠯᠥᠰᠥᠨ ᠠᠵᠢᠯᠴᠢᠨ ᠬᠡᠷᠡᠭᠯᠡᠬᠦ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠪᠦᠬᠦᠯᠢ ᠡᠳᠦᠷ ᠤᠨ ᠳᠦᠷᠢᠮᠲᠦ ᠪᠣᠰᠤ ᠠᠵᠢᠯ ᠬᠢᠵᠦ ᠪᠠᠶᠢᠭ᠎ᠠ ᠬᠥᠮᠦᠰ᠂ ᠡᠯ᠎ᠡ ᠲᠦᠷᠦᠯ ᠤᠨ ᠠᠮᠢᠳᠤᠯᠢᠭ ᠢᠶᠠᠷ ᠠᠵᠢᠯ ᠣᠯᠤᠭᠰᠠᠳ ︵ᠳᠣᠷᠣᠭᠰᠢ ᠠᠮᠢᠳᠤᠯᠢᠭ ᠢᠶᠠᠷ ᠠᠵᠢᠯ ᠣᠯᠤᠭᠰᠠᠳ ᠭᠡᠵᠦ ᠲᠣᠪᠴᠢᠯᠠᠨ᠎ᠠ︶᠎ ᠤᠨ ᠵᠠᠷᠤᠳᠠᠯ ᠲᠤᠰᠢᠶᠠᠬᠤ ᠬᠠᠷᠢᠴᠠᠯ ᠨᠢ 20% ᠪᠣᠯᠤᠨ᠎ᠠ᠃      ᠵᠠᠷᠤᠳᠠᠯ ᠲᠤᠰᠢᠶᠠᠬᠤ ᠰᠠᠭᠤᠷᠢ ᠲᠤᠭ᠎ᠠ ᠶᠢᠨ ᠲᠠᠯ᠎ᠠ ᠪᠠᠷ᠂ 2016 ᠣᠨ ᠤ 1 ᠳ᠋ᠦ᠋ᠭᠡᠷ ᠰᠠᠷ᠎ᠠ ᠠᠴᠠ ᠡᠬᠢᠯᠡᠨ᠂ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠲᠤᠰ ᠨᠢᠭᠡᠴᠡ ᠶᠢᠨ ᠴᠠᠯᠢᠩ ᠤᠨ ᠶᠡᠷᠦᠩᠬᠡᠢ ᠲᠤᠭ᠎ᠠ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠪᠣᠯᠤᠨ ᠪᠥᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠢ ᠦᠨᠳᠦᠰᠦᠯᠡᠨ ᠬᠢᠨᠠᠨ ᠲᠣᠭᠲᠠᠭᠠᠨ᠎ᠠ᠃ ᠳᠡᠭᠡᠷ᠎ᠡ ᠳᠤᠷᠠᠳᠤᠭᠰᠠᠨ ᠠᠷᠭ᠎ᠠ ᠪᠠᠷ ᠬᠢᠨᠠᠨ ᠪᠣᠳᠤᠭᠰᠠᠨ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠰ ᠰᠠᠷ᠎ᠠ ᠶᠢᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠳᠠᠭᠠᠳᠬᠠᠯ ᠳᠤ ᠤᠷᠤᠯᠴᠠᠭᠰᠠᠳ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ ᠠᠴᠠ ᠪᠠᠭ᠎ᠠ ᠪᠠᠶᠢᠪᠠᠯ᠂ ᠳᠠᠭᠠᠳᠬᠠᠯ ᠳᠤ ᠤᠷᠤᠯᠴᠠᠭᠰᠠᠳ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ ᠪᠠᠷ ᠨᠢᠭᠡᠴᠡ ᠶᠢᠨ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠨ᠎ᠠ᠃      ᠨᠢᠭᠡᠴᠡ ᠶᠢᠨ ᠠᠵᠢᠯᠲᠠᠨ ᠠᠵᠢᠯᠴᠢᠨ ᠤ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠳᠡᠭᠡᠷ᠎ᠡ ᠵᠢᠯ ᠤᠨ ᠲᠤᠰ ᠬᠦᠮᠦᠨ ᠤ ᠰᠠᠷ᠎ᠠ ᠶᠢᠨ ᠳᠤᠮᠳᠠᠴᠢ ᠴᠠᠯᠢᠩ ᠢᠶᠠᠷ ᠲᠣᠭᠲᠠᠭᠠᠨ᠎ᠠ᠃ ᠳᠡᠭᠡᠷ᠎ᠡ ᠵᠢᠯ ᠤᠨ ᠲᠤᠰ ᠬᠥᠮᠦᠨ ᠤ ᠰᠠᠷ᠎ᠠ ᠶᠢᠨ ᠳᠤᠮᠳᠠᠴᠢ ᠴᠠᠯᠢᠩ ᠨᠢ ᠪᠦᠬᠦ ᠤᠷᠤᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ 60% ᠳᠣᠣᠷ᠎ᠠ ᠪᠠᠶᠢᠪᠠᠯ᠂ ᠪᠦᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60%᠎ ᠪᠠᠷ ᠰᠠᠭᠤᠷᠢ ᠲᠤᠭ᠎ᠠ ᠪᠣᠯᠭᠠᠨ ᠵᠠᠷᠤᠳᠠᠯ ᠲᠤᠰᠢᠶᠠᠨ᠎ᠠ︔ ᠪᠦᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ 300% ᠦᠨᠳᠦᠷ ᠪᠠᠶᠢᠪᠠᠯ᠂ ᠪᠦᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 300%᠎ ᠪᠠᠷ ᠰᠠᠭᠤᠷᠢ ᠲᠤᠭ᠎ᠠ ᠪᠣᠯᠭᠠᠨ ᠵᠠᠷᠤᠳᠠᠯ ᠲᠤᠰᠢᠶᠠᠨ᠎ᠠ᠃      ᠠᠮᠢᠳᠤᠯᠢᠭ ᠢᠶᠠᠷ ᠠᠵᠢᠯ ᠣᠯᠤᠭᠰᠠᠳ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠪᠦᠬᠦ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60%᠎ ᠠᠴᠠ 300%᠎ ᠤ ᠬᠡᠪᠴᠢᠶᠡᠨ ᠳᠣᠲᠣᠷ᠎ᠠ ᠪᠠᠶᠢᠪᠠᠯ᠂ ᠠᠶᠢᠮᠠᠭ ᠬᠤᠳᠠ ᠨᠢ ᠨᠢᠵᠡᠭᠡᠳ ᠵᠡᠷᠭᠡ ᠳᠡᠰ ᠬᠤᠪᠢᠶᠠᠵᠤ᠂ ᠳᠠᠭᠠᠳᠬᠠᠯ ᠳᠤ ᠣᠷᠣᠯᠴᠠᠭᠰᠠᠨ ᠬᠥᠮᠦᠰ ᠰᠠᠶᠢᠨ ᠳᠤᠷ᠎ᠠ ᠠᠴᠠ ᠪᠠᠨ ᠵᠠᠷᠤᠳᠠᠯ ᠲᠤᠰᠢᠶᠠᠬᠤ ᠰᠠᠭᠤᠷᠢ ᠲᠤᠭ᠎ᠠ ᠪᠠᠨ ᠰᠤᠩᠭᠤᠨ᠎ᠠ᠃ ᠡᠭᠦᠨ ᠠᠴᠠ ᠭᠠᠳᠠᠨ᠎ᠠ᠂ ︽ᠮᠡᠳᠡᠭᠳᠡᠯ︾᠎ ᠳᠤ ᠪᠠᠰᠠ ᠲᠣᠲᠣᠷᠬᠠᠶᠢᠯᠠᠭᠰᠠᠨ ᠢᠶᠠᠷ᠂ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ ᠳᠣᠣᠷ᠎ᠠ ᠪᠠᠶᠢᠬᠤ ᠠᠶᠢᠮᠠᠭ ᠬᠤᠳᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠳᠤ ᠰᠢᠯᠵᠢᠯᠲᠡ ᠶᠢᠨ ᠠᠷᠭ᠎ᠠ ᠬᠡᠮᠵᠢᠶ᠎ᠡ ᠠᠪᠤᠨ᠎ᠠ᠂ ᠲᠣᠬᠠᠶᠢᠯᠠᠪᠠᠯ 2016 ᠣᠨ᠂ 2017 ᠣᠨ ᠤ  ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠲᠤᠰ ᠲᠤᠰ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 50% ᠪᠠ 55%᠎ ᠠᠴᠠ ᠦᠨᠳᠦᠷ ᠪᠠᠶᠢᠯᠭᠠᠵᠤ᠂ 2018 ᠣᠨ ᠵᠢᠴᠢ ᠡᠭᠦᠨ ᠠᠴᠠ ᠬᠤᠶᠢᠰᠢᠬᠢ ᠵᠠᠷᠤᠳᠠᠯ ᠲᠤᠰᠢᠶᠠᠬᠤ ᠬᠠᠮᠤᠭ ᠤᠨ ᠳᠣᠣᠷ᠎ᠠ ᠰᠠᠭᠤᠷᠢ ᠲᠤᠭ᠎ᠠ ᠨᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ ᠎ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60%᠎ ᠠᠴᠠ ᠦᠨᠳᠦᠷ ᠪᠠᠶᠢᠯᠭᠠᠨ᠎ᠠ᠃      ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠵᠦ ᠲᠤᠰᠢᠶᠠᠬᠤ ᠶᠢ ᠨᠢᠭᠡᠳᠦᠯᠲᠡᠶ  ᠲᠣᠭᠲᠠᠭᠠᠪᠠ      ᠡᠨᠡ ᠤᠳᠠᠭᠠᠨ ᠤ ᠨᠡᠶᠢᠲᠡᠯᠡᠭᠰᠡᠨ ︽ᠮᠡᠳᠡᠭᠳᠡᠯ︾᠎ ᠳᠤ ᠲᠣᠲᠣᠷᠬᠠᠢ ᠲᠣᠭᠲᠠᠭᠠᠭᠰᠠᠨ ᠢᠶᠠᠷ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠢ ᠨᠢᠭᠡᠴᠡ ᠶᠢᠨ ᠠᠵᠢᠯᠳᠡᠠ ᠠᠵᠢᠯᠴᠢᠨ ᠢ ᠪᠣᠯ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠭᠤᠯᠵᠤ ᠪᠣᠯᠤᠨ᠎ᠠ᠃ 1996 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠮᠦᠨ᠎ᠡ ᠠᠵᠢᠯ ᠳᠤ ᠤᠷᠤᠭᠰᠠᠨ ᠪᠣᠯ ᠬᠤᠪᠢ ᠬᠥᠮᠦᠨ ᠤ ᠵᠠᠷᠤᠳᠠᠯ ᠲᠤᠰᠢᠶᠠᠬᠤ ᠳᠦᠷᠢᠮ ᠢ ᠬᠡᠷᠡᠭᠵᠢᠭᠦᠯᠦᠭᠰᠡᠨ ᠰᠠᠷ᠎ᠠ ᠠᠴᠠ ᠡᠬᠢᠯᠡᠵᠦ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠨ ᠲᠤᠰᠢᠶᠠᠵᠤ᠂ 1996 ᠣᠨ ᠤ 1 ᠳ᠋ᠦ᠋ᠭᠡᠷ ᠰᠠᠷ᠎ᠠ ᠎ ᠠᠴᠠ ᠡᠬᠢᠯᠡᠵᠦ  ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢ ᠨᠥᠬᠦᠨ ᠪᠠᠶᠢᠭᠤᠯᠵᠤ ᠥᠭᠭᠦᠨ᠎ᠡ︔ 1996 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠬᠤᠶᠢᠰᠢ ᠠᠵᠢᠯ ᠳᠤ ᠤᠷᠤᠭᠰᠠᠨ ᠪᠣᠯ ᠠᠵᠢᠯ ᠳᠤ ᠣᠷᠣᠭᠰᠠᠨ ᠰᠠᠷ᠎ᠠ ᠠᠴᠠ ᠡᠬᠢᠯᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠨ ᠲᠤᠰᠢᠶᠠᠵᠤ᠂ ᠬᠤᠪᠢ ᠬᠥᠮᠦᠨ ᠤ ᠳᠠᠩᠰᠠᠨ ᠡᠷᠦᠬᠡ ᠪᠠᠨ ᠨᠥᠬᠦᠵᠦ ᠪᠠᠶᠢᠭᠤᠯᠵᠤ ᠪᠣᠯᠣᠨ᠎ᠠ᠃      ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠨᠢᠭᠡᠨᠲᠡ ᠣᠷᠣᠯᠴᠠᠭᠰᠠᠨ ᠠᠮᠢᠳᠤᠯᠢᠭ ᠢᠶᠠᠷ ᠠᠵᠢᠯ ᠣᠯᠤᠭᠰᠠᠳ ᠵᠠᠷᠤᠳᠠᠯ ᠲᠤᠰᠢᠶᠠᠬᠤ ᠪᠠᠨ ᠲᠠᠰᠤᠯᠳᠠᠭᠤᠯᠤᠭᠰᠠᠨ ᠪᠣᠯ ᠲᠠᠰᠤᠯᠳᠠᠭᠰᠠᠨ ᠬᠤᠭᠤᠴᠠᠭᠠᠨ ᠳᠠᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠵᠦ ᠲᠤᠰᠢᠶᠠᠵᠤ ᠪᠣᠯᠤᠨ᠎ᠠ᠃      ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠣᠯᠭᠤᠮᠵᠢ ᠶᠢᠨ ᠬᠢᠷᠢ ᠲᠥᠪᠰᠢᠨ ᠢ ᠪᠠᠲᠤᠯᠠᠵᠤ ᠲᠣᠭᠲᠠᠭᠤᠨ ᠵᠣᠯᠭᠠᠯᠳᠤᠭᠤᠯᠪᠠ      ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠪᠤᠳᠤᠵᠤ ᠥᠭᠬᠦ  ᠪᠠᠷᠢᠮᠵᠢᠶᠠᠨ ᠤ ᠲᠠᠯ᠎ᠠ ᠪᠠᠷ᠂ ︽ᠮᠡᠳᠡᠭᠳᠡᠯ︾᠎ ᠳᠤ ᠲᠣᠳᠣᠷᠬᠠᠶᠢᠯᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠬᠠᠤᠯᠢ ᠳᠤ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠮᠥᠷᠲᠡᠭᠡᠨ ᠪᠦᠬᠦᠯᠢ 15 ᠵᠢᠯ ᠵᠠᠷᠤᠳᠠᠯ ᠲᠤᠰᠢᠶᠠᠭᠰᠠᠨ ︵ᠵᠠᠷᠤᠳᠠᠯ ᠲᠤᠰᠢᠶᠠᠬᠤ ᠠᠴᠠ ᠡᠮᠦᠨᠡᠬᠢ ᠠᠵᠢᠯᠯᠠᠭᠰᠠᠨ ᠬᠤᠭᠤᠴᠠᠭ᠎ᠠ ᠬᠢᠵᠠᠭᠠᠷ ᠪᠠᠭᠲᠠᠨ᠎ᠠ︶ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠣᠯᠭᠠᠨ ᠬᠦᠷᠲᠡᠨ᠎ᠡ᠃ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ︵ᠨᠢᠭᠡᠳᠦᠯᠲᠡᠢ ᠲᠥᠯᠥᠪᠯᠡᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ︶ ᠪᠣᠯᠣᠨ ᠬᠤᠪᠢ ᠬᠥᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠᠷ ᠪᠦᠷᠢᠯᠳᠦᠨ᠎ᠡ᠃  ᠨᠢᠭᠡᠳᠦᠯᠲᠡᠶ ᠲᠥᠯᠥᠪᠯᠡᠬᠦ ᠶᠢ ᠬᠤᠪᠢ ᠬᠥᠮᠦᠨ ᠤ ᠲᠡᠩᠰᠡ ᠲᠠᠢ ᠤᠶᠠᠯᠳᠤᠭᠤᠯᠬᠤ ᠠᠴᠠ ᠡᠮᠦᠨ᠎ᠡ ᠠᠵᠢᠯ ᠳᠤ  ᠣᠷᠣᠭᠰᠠᠳ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠪᠢ ᠬᠥᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠭᠰᠠᠨ ᠰᠠᠭᠤᠷᠢᠨ ᠳᠡᠭᠡᠷ᠎ᠡ᠂ ᠨᠢᠭᠡᠳᠦᠯᠲᠡᠶ ᠲᠥᠯᠥᠪᠯᠡᠬᠦ ᠶᠢ ᠬᠤᠪᠢ ᠬᠥᠮᠦᠨ ᠤ ᠲᠡᠩᠰᠡ ᠲᠠᠢ ᠤᠶᠠᠯᠳᠤᠭᠤᠯᠬᠤ ᠠᠴᠠ ᠡᠮᠦᠨᠡᠬᠢ ᠵᠠᠷᠤᠳᠠᠯ ᠲᠤᠰᠢᠶᠠᠭᠰᠠᠨ  ᠬᠤᠭᠤᠴᠠᠭ᠎ᠠ ᠬᠢᠵᠠᠭᠠᠷ ᠢ ᠦᠨᠳᠦᠰᠦᠯᠡᠨ ︵ᠵᠠᠷᠤᠳᠠᠯ ᠲᠤᠰᠢᠶᠠᠬᠤ ᠠᠴᠠ ᠡᠮᠦᠨᠡᠬᠢ ᠠᠵᠢᠯᠯᠠᠭᠰᠠᠨ ᠬᠤᠭᠤᠴᠠᠭ᠎ᠠ ᠬᠢᠵᠠᠭᠠᠷ ᠪᠠᠭᠲᠠᠨ᠎ᠠ︶ ᠳᠠᠬᠢᠨᠲᠠ ᠰᠢᠯᠵᠢᠯᠲᠡ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠨ᠎ᠠ᠃      ︽ᠮᠡᠳᠡᠭᠳᠡᠯ︾᠎ ᠳᠤ ᠪᠠᠰᠠ ᠲᠣᠲᠣᠷᠬᠠᠶᠢᠯᠠᠭᠰᠠᠨ ᠢᠶᠠᠷ᠂ ᠣᠯᠭᠤᠮᠵᠢ ᠶᠢᠨ ᠬᠢᠷᠢ ᠲᠦᠪᠰᠢᠨ ᠢ  ᠲᠣᠭᠲᠠᠭᠤᠨ ᠵᠣᠯᠭᠠᠭᠤᠯᠬᠤ ᠶᠢ ᠪᠠᠲᠤᠯᠠᠬᠤ ᠶᠢᠨ ᠲᠥᠯᠥᠭᠡ᠂ 2016 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠬᠤᠶᠢᠰᠢ ᠠᠵᠢᠯ ᠠᠴᠠ ᠪᠠᠨ ᠪᠠᠭᠤᠭᠰᠠᠨ ᠬᠥᠮᠦᠰ ᠪᠣᠯ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ ᠦᠨᠳᠦᠷ ᠪᠠᠶᠢᠬᠤ ᠠᠶᠢᠮᠠᠭ ᠬᠤᠳᠠ ᠳᠤ ︽ ᠰᠠᠭᠤᠷᠢ ᠲᠤᠭ᠎ᠠ ᠶᠢ ᠬᠢᠵᠠᠭᠠᠷᠯᠠᠨ ᠲᠣᠭᠲᠠᠭᠠᠬᠤ︾ ᠠᠷᠭ᠎ᠠ ᠪᠠᠷ ᠰᠢᠯᠵᠢᠭᠦᠯᠦᠯᠲᠡ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号