ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ | ᠪᠠᠶᠠᠯᠢᠭ ᠪᠣᠯᠤᠨ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︽ᠠᠵᠤ ᠠᠬᠤᠶᠢᠯᠠᠯ ᠤᠨ | ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ | ᠣᠷᠣᠨ ᠤ ᠱᠠᠲᠤᠨ ᠤ ᠨᠢᠭᠡᠳᠦᠯᠲᠡᠶ ᠲᠦᠯᠦᠪᠯᠡᠯᠭᠡ ᠶᠢᠨ ᠬᠤᠯᠪᠣᠭᠳᠠᠯ ᠪᠦᠬᠦᠢ ᠠᠰᠠᠭᠤᠳᠠᠯ ᠢ ᠨᠠᠶᠢᠳᠠᠪᠤᠷᠢᠵᠢᠭᠤᠯᠬᠤ | ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠨᠡᠶᠢᠲᠡᠯᠡᠪᠡ᠃ ᠲᠤᠰ ︽ᠮᠡᠳᠡᠭᠳᠡᠯ︾ | ᠨᠢ 2015 ᠣᠨ ᠳᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ | ᠱᠠᠲᠤᠨ ᠤ ᠨᠢᠭᠡᠳᠦᠯᠲᠡᠶ ᠲᠥᠯᠥᠪᠯᠡᠬᠦ ᠠᠷᠭ᠎ᠠ︾ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠨᠦᠬᠦᠪᠦᠷᠢᠯᠡᠵᠦ᠂ | ᠤᠢᠢᠷ᠎ᠠ ᠶᠢᠨ ᠵᠢᠯ ᠤᠳ ᠲᠤ ᠮᠠᠨ ᠤ ᠤᠷᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠡᠷᠬᠢᠯᠡᠨ ᠭᠦᠢᠴᠡᠳᠬᠡᠬᠦ | ᠠᠵᠢᠯ ᠤᠨ ᠳᠤᠮᠳᠠ ᠲᠣᠬᠢᠶᠠᠯᠳᠤᠭᠰᠠᠨ ᠵᠠᠷᠢᠮ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠲᠣᠳᠣᠷᠬᠠᠶ ᠪᠣᠰᠤ ᠪᠠ | ᠨᠢᠭᠡᠳᠦᠯ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ᠃ | ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠨᠡᠩ ᠢᠯᠡ ᠲᠣᠳᠣ ᠪᠣᠯᠭᠠᠨ ᠠᠵᠢᠯ ᠣᠯᠤᠭᠰᠠᠳ ᠤᠨ | ᠰᠢᠯᠵᠢᠯᠲᠡ ᠶᠢᠨ ᠠᠷᠭ᠎ᠠ ᠬᠡᠮᠵᠢᠶ᠎ᠡ ᠠᠪᠬᠤ ᠶᠢ ᠠᠮᠢᠳᠤᠯᠢᠭ ᠪᠣᠯᠭᠠᠪᠠ | ᠣᠶᠢᠯᠠᠭᠠᠭᠰᠠᠨ ᠢᠶᠠᠷ᠂ ᠡᠨᠡ ᠤᠳᠠᠭ᠎ᠠ ᠶᠢᠨ ᠨᠡᠶᠢᠲᠡᠯᠡᠭᠰᠡᠨ ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ | ᠪᠦᠬᠦ ᠣᠷᠣᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠨᠢᠭᠡᠳᠦᠯᠲᠡᠶ ᠵᠠᠷᠤᠳᠠᠯ ᠲᠤᠰᠢᠶᠠᠬᠤ ᠬᠠᠷᠢᠴᠠᠯ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ | ᠨᠢᠭᠡᠴᠡ ᠶᠢᠨ ᠵᠠᠷᠤᠳᠠᠯ ᠲᠤᠰᠢᠶᠠᠬᠤ ᠬᠠᠷᠢᠴᠠᠯ ᠨᠢ 20%᠂ ᠠᠵᠢᠯᠲᠠᠨ ᠠᠵᠢᠯᠴᠢᠨ ᠬᠤᠪᠢ ᠬᠥᠮᠦᠨ ᠤ ᠵᠠᠷᠤᠳᠠᠯ | ᠲᠤᠰᠢᠶᠠᠬᠤ ᠬᠠᠷᠢᠴᠠᠯ ᠨᠢ 8% ᠪᠣᠯᠤᠨ᠎ᠠ︔ ᠬᠥᠯᠥᠰᠥᠨ ᠠᠵᠢᠯᠴᠢᠨ ᠬᠡᠷᠡᠭᠯᠡᠬᠦ ᠦᠭᠡᠢ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ᠂ ᠪᠦᠬᠦᠯᠢ ᠡᠳᠦᠷ ᠤᠨ ᠳᠦᠷᠢᠮᠲᠦ ᠪᠣᠰᠤ ᠠᠵᠢᠯ ᠬᠢᠵᠦ ᠪᠠᠶᠢᠭ᠎ᠠ ᠬᠥᠮᠦᠰ᠂ ᠡᠯ᠎ᠡ | ᠲᠦᠷᠦᠯ ᠤᠨ ᠠᠮᠢᠳᠤᠯᠢᠭ ᠢᠶᠠᠷ ᠠᠵᠢᠯ ᠣᠯᠤᠭᠰᠠᠳ ︵ᠳᠣᠷᠣᠭᠰᠢ ᠠᠮᠢᠳᠤᠯᠢᠭ ᠢᠶᠠᠷ ᠠᠵᠢᠯ ᠣᠯᠤᠭᠰᠠᠳ ᠭᠡᠵᠦ | ᠲᠣᠪᠴᠢᠯᠠᠨ᠎ᠠ︶ ᠤᠨ ᠵᠠᠷᠤᠳᠠᠯ ᠲᠤᠰᠢᠶᠠᠬᠤ ᠬᠠᠷᠢᠴᠠᠯ ᠨᠢ 20% ᠪᠣᠯᠤᠨ᠎ᠠ᠃ | ᠵᠠᠷᠤᠳᠠᠯ ᠲᠤᠰᠢᠶᠠᠬᠤ ᠰᠠᠭᠤᠷᠢ ᠲᠤᠭ᠎ᠠ ᠶᠢᠨ ᠲᠠᠯ᠎ᠠ ᠪᠠᠷ᠂ 2016 ᠣᠨ ᠤ 1 ᠳ᠋ᠦ᠋ᠭᠡᠷ ᠰᠠᠷ᠎ᠠ ᠠᠴᠠ ᠡᠬᠢᠯᠡᠨ᠂ | ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠲᠤᠰ ᠨᠢᠭᠡᠴᠡ ᠶᠢᠨ | ᠴᠠᠯᠢᠩ ᠤᠨ ᠶᠡᠷᠦᠩᠬᠡᠢ ᠲᠤᠭ᠎ᠠ᠂ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠪᠣᠯᠤᠨ ᠪᠥᠬᠦ ᠣᠷᠣᠨ ᠤ | ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠢ ᠦᠨᠳᠦᠰᠦᠯᠡᠨ ᠬᠢᠨᠠᠨ ᠲᠣᠭᠲᠠᠭᠠᠨ᠎ᠠ᠃ | ᠳᠡᠭᠡᠷ᠎ᠡ ᠳᠤᠷᠠᠳᠤᠭᠰᠠᠨ ᠠᠷᠭ᠎ᠠ ᠪᠠᠷ ᠬᠢᠨᠠᠨ ᠪᠣᠳᠤᠭᠰᠠᠨ ᠳᠠᠭᠠᠳᠬᠠᠯ ᠳᠤ ᠣᠷᠣᠯᠴᠠᠭᠰᠠᠨ ᠨᠢᠭᠡᠴᠡ ᠶᠢᠨ ᠲᠤᠰ | ᠰᠠᠷ᠎ᠠ ᠶᠢᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠳᠠᠭᠠᠳᠬᠠᠯ ᠳᠤ ᠤᠷᠤᠯᠴᠠᠭᠰᠠᠳ ᠤᠨ ᠵᠠᠷᠤᠳᠠᠯ ᠲᠤᠰᠢᠶᠠᠬᠤ | ᠰᠠᠭᠤᠷᠢ ᠲᠤᠭ᠎ᠠ ᠶᠢᠨ ᠨᠡᠶᠢᠯᠡᠪᠦᠷᠢ ᠠᠴᠠ ᠪᠠᠭ᠎ᠠ ᠪᠠᠶᠢᠪᠠᠯ᠂ ᠳᠠᠭᠠᠳᠬᠠᠯ ᠳᠤ ᠤᠷᠤᠯᠴᠠᠭᠰᠠᠳ ᠤᠨ ᠰᠦᠢᠳᠬᠡᠯ | ᠲᠤᠰᠢᠶᠠᠬᠤ ᠰᠠᠭᠤᠷᠢ ᠲᠤᠭ᠎ᠠ ᠶᠢᠨ ᠨᠡᠶᠢᠯᠡᠪᠦᠷᠢ ᠪᠠᠷ ᠨᠢᠭᠡᠴᠡ ᠶᠢᠨ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠬᠢᠨᠠᠨ | ᠲᠣᠭᠲᠠᠭᠠᠨ᠎ᠠ᠃ | ᠨᠢᠭᠡᠴᠡ ᠶᠢᠨ ᠠᠵᠢᠯᠲᠠᠨ ᠠᠵᠢᠯᠴᠢᠨ ᠤ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠳᠡᠭᠡᠷ᠎ᠡ ᠵᠢᠯ ᠤᠨ ᠲᠤᠰ | ᠬᠦᠮᠦᠨ ᠤ ᠰᠠᠷ᠎ᠠ ᠶᠢᠨ ᠳᠤᠮᠳᠠᠴᠢ ᠴᠠᠯᠢᠩ ᠢᠶᠠᠷ ᠲᠣᠭᠲᠠᠭᠠᠨ᠎ᠠ᠃ ᠳᠡᠭᠡᠷ᠎ᠡ ᠵᠢᠯ ᠤᠨ ᠲᠤᠰ ᠬᠥᠮᠦᠨ ᠤ ᠰᠠᠷ᠎ᠠ ᠶᠢᠨ | ᠳᠤᠮᠳᠠᠴᠢ ᠴᠠᠯᠢᠩ ᠨᠢ ᠪᠦᠬᠦ ᠤᠷᠤᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ | ᠴᠠᠯᠢᠩ ᠠᠴᠠ 60% ᠳᠣᠣᠷ᠎ᠠ ᠪᠠᠶᠢᠪᠠᠯ᠂ ᠪᠦᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ | ᠠᠵᠢᠯᠴᠢᠨ ᠤ ᠳᠤᠮᠳᠠᠴᠢ ᠴᠠᠯᠢᠩ ᠤᠨ 60% ᠪᠠᠷ ᠰᠠᠭᠤᠷᠢ ᠲᠤᠭ᠎ᠠ ᠪᠣᠯᠭᠠᠨ ᠵᠠᠷᠤᠳᠠᠯ ᠲᠤᠰᠢᠶᠠᠨ᠎ᠠ︔ ᠪᠦᠬᠦ | ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ 300% ᠦᠨᠳᠦᠷ | ᠪᠠᠶᠢᠪᠠᠯ᠂ ᠪᠦᠬᠦ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ | 300% ᠪᠠᠷ ᠰᠠᠭᠤᠷᠢ ᠲᠤᠭ᠎ᠠ ᠪᠣᠯᠭᠠᠨ ᠵᠠᠷᠤᠳᠠᠯ ᠲᠤᠰᠢᠶᠠᠨ᠎ᠠ᠃ | ᠠᠮᠢᠳᠤᠯᠢᠭ ᠢᠶᠠᠷ ᠠᠵᠢᠯ ᠣᠯᠤᠭᠰᠠᠳ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠪᠦᠬᠦ ᠣᠷᠣᠨ ᠤ | ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60% ᠠᠴᠠ 300% ᠤ | ᠬᠡᠪᠴᠢᠶᠡᠨ ᠳᠣᠲᠣᠷ᠎ᠠ ᠪᠠᠶᠢᠪᠠᠯ᠂ ᠠᠶᠢᠮᠠᠭ ᠬᠤᠳᠠ ᠨᠢ ᠨᠢᠵᠡᠭᠡᠳ ᠵᠡᠷᠭᠡ ᠳᠡᠰ ᠬᠤᠪᠢᠶᠠᠵᠤ᠂ ᠳᠠᠭᠠᠳᠬᠠᠯ ᠳᠤ | ᠣᠷᠣᠯᠴᠠᠭᠰᠠᠨ ᠬᠥᠮᠦᠰ ᠰᠠᠶᠢᠨ ᠳᠤᠷ᠎ᠠ ᠠᠴᠠ ᠪᠠᠨ ᠵᠠᠷᠤᠳᠠᠯ ᠲᠤᠰᠢᠶᠠᠬᠤ ᠰᠠᠭᠤᠷᠢ ᠲᠤᠭ᠎ᠠ ᠪᠠᠨ ᠰᠤᠩᠭᠤᠨ᠎ᠠ᠃ | ᠡᠭᠦᠨ ᠠᠴᠠ ᠭᠠᠳᠠᠨ᠎ᠠ᠂ ︽ᠮᠡᠳᠡᠭᠳᠡᠯ︾ ᠳᠤ ᠪᠠᠰᠠ ᠲᠣᠲᠣᠷᠬᠠᠶᠢᠯᠠᠭᠰᠠᠨ ᠢᠶᠠᠷ᠂ ᠠᠵᠢᠯ ᠤᠨ ᠪᠠᠶᠢᠷᠢ ᠳᠤ ᠪᠠᠶᠢᠭ᠎ᠠ | ᠠᠵᠢᠯᠲᠠᠨ ᠠᠵᠢᠯᠴᠢᠨ ᠤ ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ | ᠠᠵᠢᠯᠲᠠᠨ ᠠᠵᠢᠯᠴᠢᠨ ᠤ ᠳᠤᠮᠳᠠᠴᠢ ᠴᠠᠯᠢᠩ ᠠᠴᠠ ᠳᠣᠣᠷ᠎ᠠ ᠪᠠᠶᠢᠬᠤ ᠠᠶᠢᠮᠠᠭ ᠬᠤᠳᠠ ᠶᠢᠨ ᠠᠮᠢᠳᠤᠯᠢᠭ ᠢᠶᠠᠷ ᠠᠵᠢᠯ | ᠣᠯᠤᠭᠰᠠᠳ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠳᠤ ᠰᠢᠯᠵᠢᠯᠲᠡ ᠶᠢᠨ ᠠᠷᠭ᠎ᠠ ᠬᠡᠮᠵᠢᠶ᠎ᠡ ᠠᠪᠤᠨ᠎ᠠ᠂ | ᠲᠣᠬᠠᠶᠢᠯᠠᠪᠠᠯ 2016 ᠣᠨ᠂ 2017 ᠣᠨ ᠤ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠲᠤᠰ ᠲᠤᠰ ᠳᠡᠭᠡᠷ᠎ᠡ | ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ | ᠴᠠᠯᠢᠩ ᠤᠨ 50% ᠪᠠ 55% ᠠᠴᠠ ᠦᠨᠳᠦᠷ ᠪᠠᠶᠢᠯᠭᠠᠵᠤ᠂ 2018 ᠣᠨ ᠵᠢᠴᠢ ᠡᠭᠦᠨ ᠠᠴᠠ ᠬᠤᠶᠢᠰᠢᠬᠢ | ᠵᠠᠷᠤᠳᠠᠯ ᠲᠤᠰᠢᠶᠠᠬᠤ ᠬᠠᠮᠤᠭ ᠤᠨ ᠳᠣᠣᠷ᠎ᠠ ᠰᠠᠭᠤᠷᠢ ᠲᠤᠭ᠎ᠠ ᠨᠢ ᠳᠡᠭᠡᠷ᠎ᠡ ᠵᠢᠯ ᠤᠨ ᠥᠪᠡᠷᠲᠡᠭᠡᠨ ᠵᠠᠰᠠᠬᠤ ᠣᠷᠣᠨ | ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60% ᠠᠴᠠ ᠦᠨᠳᠦᠷ | ᠪᠠᠶᠢᠯᠭᠠᠨ᠎ᠠ᠃ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠵᠦ ᠲᠤᠰᠢᠶᠠᠬᠤ ᠶᠢ ᠨᠢᠭᠡᠳᠦᠯᠲᠡᠶ | ᠲᠣᠭᠲᠠᠭᠠᠪᠠ | ᠡᠨᠡ ᠤᠳᠠᠭᠠᠨ ᠤ ᠨᠡᠶᠢᠲᠡᠯᠡᠭᠰᠡᠨ ︽ᠮᠡᠳᠡᠭᠳᠡᠯ︾ ᠳᠤ ᠲᠣᠲᠣᠷᠬᠠᠢ ᠲᠣᠭᠲᠠᠭᠠᠭᠰᠠᠨ ᠢᠶᠠᠷ᠂ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠦᠭᠡᠢ ᠨᠢᠭᠡᠴᠡ ᠶᠢᠨ ᠠᠵᠢᠯᠳᠡᠠ ᠠᠵᠢᠯᠴᠢᠨ ᠢ ᠪᠣᠯ | ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠭᠤᠯᠵᠤ ᠪᠣᠯᠤᠨ᠎ᠠ᠃ 1996 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠠᠵᠢᠯ ᠳᠤ | ᠤᠷᠤᠭᠰᠠᠨ ᠪᠣᠯ ᠬᠤᠪᠢ ᠬᠥᠮᠦᠨ ᠤ ᠵᠠᠷᠤᠳᠠᠯ ᠲᠤᠰᠢᠶᠠᠬᠤ ᠳᠦᠷᠢᠮ ᠢ ᠬᠡᠷᠡᠭᠵᠢᠭᠦᠯᠦᠭᠰᠡᠨ ᠰᠠᠷ᠎ᠠ ᠠᠴᠠ ᠡᠬᠢᠯᠡᠵᠦ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠨ ᠲᠤᠰᠢᠶᠠᠵᠤ᠂ 1996 ᠣᠨ ᠤ | 1 ᠳ᠋ᠦ᠋ᠭᠡᠷ ᠰᠠᠷ᠎ᠠ ᠠᠴᠠ ᠡᠬᠢᠯᠡᠵᠦ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ | ᠬᠥᠮᠦᠨ ᠤ ᠲᠠᠩᠰᠠᠨ ᠡᠷᠦᠬᠡ ᠶᠢ ᠨᠥᠬᠦᠨ ᠪᠠᠶᠢᠭᠤᠯᠵᠤ ᠥᠭᠭᠦᠨ᠎ᠡ︔ 1996 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠬᠤᠶᠢᠰᠢ ᠠᠵᠢᠯ ᠳᠤ ᠤᠷᠤᠭᠰᠠᠨ ᠪᠣᠯ ᠠᠵᠢᠯ ᠳᠤ ᠣᠷᠣᠭᠰᠠᠨ ᠰᠠᠷ᠎ᠠ ᠠᠴᠠ ᠡᠬᠢᠯᠡᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠨ ᠲᠤᠰᠢᠶᠠᠵᠤ᠂ ᠬᠤᠪᠢ ᠬᠥᠮᠦᠨ ᠤ ᠳᠠᠩᠰᠠᠨ | ᠡᠷᠦᠬᠡ ᠪᠠᠨ ᠨᠥᠬᠦᠵᠦ ᠪᠠᠶᠢᠭᠤᠯᠵᠤ ᠪᠣᠯᠣᠨ᠎ᠠ᠃ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠳᠤ ᠨᠢᠭᠡᠨᠲᠡ | ᠣᠷᠣᠯᠴᠠᠭᠰᠠᠨ ᠠᠮᠢᠳᠤᠯᠢᠭ ᠢᠶᠠᠷ ᠠᠵᠢᠯ ᠣᠯᠤᠭᠰᠠᠳ ᠵᠠᠷᠤᠳᠠᠯ ᠲᠤᠰᠢᠶᠠᠬᠤ ᠪᠠᠨ ᠲᠠᠰᠤᠯᠳᠠᠭᠤᠯᠤᠭᠰᠠᠨ ᠪᠣᠯ | ᠲᠠᠰᠤᠯᠳᠠᠭᠰᠠᠨ ᠬᠤᠭᠤᠴᠠᠭᠠᠨ ᠳᠠᠬᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠥᠬᠦᠵᠦ | ᠲᠤᠰᠢᠶᠠᠵᠤ ᠪᠣᠯᠤᠨ᠎ᠠ᠃ | ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠣᠯᠭᠤᠮᠵᠢ ᠶᠢᠨ ᠬᠢᠷᠢ ᠲᠥᠪᠰᠢᠨ ᠢ ᠪᠠᠲᠤᠯᠠᠵᠤ ᠲᠣᠭᠲᠠᠭᠤᠨ | ᠵᠣᠯᠭᠠᠯᠳᠤᠭᠤᠯᠪᠠ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠶᠢ ᠪᠤᠳᠤᠵᠤ ᠥᠭᠬᠦ ᠪᠠᠷᠢᠮᠵᠢᠶᠠᠨ ᠤ | ᠲᠠᠯ᠎ᠠ ᠪᠠᠷ᠂ ︽ᠮᠡᠳᠡᠭᠳᠡᠯ︾ ᠳᠤ ᠲᠣᠳᠣᠷᠬᠠᠶᠢᠯᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠬᠠᠤᠯᠢ ᠳᠤ | ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠮᠥᠷᠲᠡᠭᠡᠨ ᠪᠦᠬᠦᠯᠢ 15 ᠵᠢᠯ ᠵᠠᠷᠤᠳᠠᠯ | ᠲᠤᠰᠢᠶᠠᠭᠰᠠᠨ ︵ᠵᠠᠷᠤᠳᠠᠯ ᠲᠤᠰᠢᠶᠠᠬᠤ ᠠᠴᠠ ᠡᠮᠦᠨᠡᠬᠢ ᠠᠵᠢᠯᠯᠠᠭᠰᠠᠨ ᠬᠤᠭᠤᠴᠠᠭ᠎ᠠ ᠬᠢᠵᠠᠭᠠᠷ ᠪᠠᠭᠲᠠᠨ᠎ᠠ︶ ᠪᠣᠯ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠰᠠᠷ᠎ᠠ ᠪᠣᠯᠭᠠᠨ ᠬᠦᠷᠲᠡᠨ᠎ᠡ᠃ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦ ᠨᠢ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ︵ᠨᠢᠭᠡᠳᠦᠯᠲᠡᠢ ᠲᠥᠯᠥᠪᠯᠡᠭᠰᠡᠨ | ᠨᠠᠰᠤᠵᠢᠯ ᠤᠨ ᠠᠰᠠᠷᠠᠮᠵᠢ ᠶᠢᠨ ᠮᠥᠩᠭᠦ ︶ ᠪᠣᠯᠣᠨ ᠬᠤᠪᠢ ᠬᠥᠮᠦᠨ ᠤ ᠳᠠᠩᠰᠠᠨ ᠡᠷᠦᠬᠡ ᠶᠢᠨ ᠨᠠᠰᠤᠵᠢᠯ ᠤᠨ | ᠠᠰᠠᠷᠠᠮᠵᠢ ᠶᠢᠨ ᠮᠥᠩᠭᠦ ᠪᠠᠷ ᠪᠦᠷᠢᠯᠳᠦᠨ᠎ᠡ᠃ ᠨᠢᠭᠡᠳᠦᠯᠲᠡᠶ ᠲᠥᠯᠥᠪᠯᠡᠬᠦ ᠶᠢ ᠬᠤᠪᠢ ᠬᠥᠮᠦᠨ ᠤ ᠲᠡᠩᠰᠡ ᠲᠠᠢ | ᠤᠶᠠᠯᠳᠤᠭᠤᠯᠬᠤ ᠠᠴᠠ ᠡᠮᠦᠨ᠎ᠡ ᠠᠵᠢᠯ ᠳᠤ ᠣᠷᠣᠭᠰᠠᠳ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ | ᠪᠠ ᠬᠤᠪᠢ ᠬᠥᠮᠦᠨ ᠤ ᠳᠠᠩᠰᠠᠨ ᠡᠷᠦᠬᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠣᠯᠭᠤᠭᠰᠠᠨ ᠰᠠᠭᠤᠷᠢᠨ | ᠳᠡᠭᠡᠷ᠎ᠡ᠂ ᠨᠢᠭᠡᠳᠦᠯᠲᠡᠶ ᠲᠥᠯᠥᠪᠯᠡᠬᠦ ᠶᠢ ᠬᠤᠪᠢ ᠬᠥᠮᠦᠨ ᠤ ᠲᠡᠩᠰᠡ ᠲᠠᠢ ᠤᠶᠠᠯᠳᠤᠭᠤᠯᠬᠤ ᠠᠴᠠ ᠡᠮᠦᠨᠡᠬᠢ ᠵᠠᠷᠤᠳᠠᠯ | ᠲᠤᠰᠢᠶᠠᠭᠰᠠᠨ ᠬᠤᠭᠤᠴᠠᠭ᠎ᠠ ᠬᠢᠵᠠᠭᠠᠷ ᠢ ᠦᠨᠳᠦᠰᠦᠯᠡᠨ ︵ᠵᠠᠷᠤᠳᠠᠯ ᠲᠤᠰᠢᠶᠠᠬᠤ ᠠᠴᠠ ᠡᠮᠦᠨᠡᠬᠢ ᠠᠵᠢᠯᠯᠠᠭᠰᠠᠨ | ᠬᠤᠭᠤᠴᠠᠭ᠎ᠠ ᠬᠢᠵᠠᠭᠠᠷ ᠪᠠᠭᠲᠠᠨ᠎ᠠ︶ ᠳᠠᠬᠢᠨᠲᠠ ᠰᠢᠯᠵᠢᠯᠲᠡ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠮᠥᠩᠭᠦ | ᠣᠯᠭᠤᠨ᠎ᠠ᠃ | ︽ᠮᠡᠳᠡᠭᠳᠡᠯ︾ ᠳᠤ ᠪᠠᠰᠠ ᠲᠣᠲᠣᠷᠬᠠᠶᠢᠯᠠᠭᠰᠠᠨ ᠢᠶᠠᠷ᠂ ᠣᠯᠭᠤᠮᠵᠢ ᠶᠢᠨ ᠬᠢᠷᠢ ᠲᠦᠪᠰᠢᠨ ᠢ ᠲᠣᠭᠲᠠᠭᠤᠨ | ᠵᠣᠯᠭᠠᠭᠤᠯᠬᠤ ᠶᠢ ᠪᠠᠲᠤᠯᠠᠬᠤ ᠶᠢᠨ ᠲᠥᠯᠥᠭᠡ᠂ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠬᠤᠶᠢᠰᠢ ᠠᠵᠢᠯ ᠠᠴᠠ ᠪᠠᠨ ᠪᠠᠭᠤᠭᠰᠠᠨ ᠬᠥᠮᠦᠰ ᠪᠣᠯ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ | ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ | ᠳᠤᠮᠳᠠᠴᠢ ᠴᠠᠯᠢᠩ ᠠᠴᠠ ᠦᠨᠳᠦᠷ ᠪᠠᠶᠢᠬᠤ ᠠᠶᠢᠮᠠᠭ ᠬᠤᠳᠠ ᠳᠤ ︽ ᠰᠠᠭᠤᠷᠢ ᠲᠤᠭ᠎ᠠ ᠶᠢ ᠬᠢᠵᠠᠭᠠᠷᠯᠠᠨ | ᠲᠣᠭᠲᠠᠭᠠᠬᠤ︾ ᠠᠷᠭ᠎ᠠ ᠪᠠᠷ ᠰᠢᠯᠵᠢᠭᠦᠯᠦᠯᠲᠡ ᠬᠢᠨ᠎ᠡ᠃ |