ᠪᠥᠬᠦ ᠣᠷᠣᠨ ᠤ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠲᠤᠬᠠᠶ ᠶᠢᠨ ᠲᠠᠯᠠᠪᠠᠢ ᠶᠢᠨ ᠳᠥᠯᠭᠢᠨ ᠠᠬᠢᠭᠤᠯᠬᠤ ᠬᠤᠷᠠᠯ ᠤᠯᠠᠭᠠᠨᠴᠠᠪ ᠬᠤᠳᠠ ᠳᠤ ᠤᠷᠤᠭᠰᠢᠲᠠᠢ ᠬᠤᠷᠠᠯᠳᠤᠪᠠ
ᠨᠡᠶᠢᠲᠡᠯᠡᠭᠰᠡᠨ ᠴᠠᠭ᠄
2016/9/12
     9 ᠳ᠋ᠤᠭᠡᠷ ᠰᠠᠷ᠎ᠠ ᠶᠢᠨ 7᠎ ᠤ ᠡᠳᠦᠷ ᠠᠴᠠ 9᠎ ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠳᠤᠮᠳᠠᠲᠤ ᠬᠤᠰᠢᠭᠤ ᠳᠤ 2016 ᠣᠨ ᠤ ᠪᠥᠬᠦ ᠣᠷᠣᠨ ᠤ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠲᠤᠬᠠᠶ ᠶᠢᠨ ᠲᠠᠯᠠᠪᠠᠢ ᠶᠢᠨ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠪᠣᠯᠤᠨ ᠥᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠤᠷᠤᠯᠴᠠᠵᠤ᠂ ᠣᠷᠣᠨ ᠤ ᠳᠣᠲᠣᠷᠠᠬᠢ ᠲᠠᠯ᠎ᠠ ᠨᠤᠲᠤᠭ ᠤᠨ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠭᠤᠣᠯᠳᠠᠯᠭ᠎ᠠ ᠲᠠᠢ ᠠᠶᠢᠮᠠᠭ ᠬᠤᠲᠠ᠂ ᠭᠤᠣᠯᠳᠠᠯᠭ᠎ᠠ ᠲᠠᠢ ᠬᠤᠰᠢᠭᠤ ᠰᠢᠶᠠᠨ ᠤ ᠵᠢᠭᠤᠯᠴᠢᠯᠠᠯ ᠤᠨ ᠲᠣᠪᠴᠢᠶ᠎ᠠ ᠶᠢᠨ ᠤᠳᠤᠷᠢᠳᠤᠯᠭ᠎ᠠ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠭᠠᠵᠠᠷ ᠤᠨ ᠳᠠᠷᠤᠭ᠎ᠠ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠵᠢᠴᠢ ᠤᠷᠢᠳᠠᠪᠠᠷ ᠵᠢᠭᠤᠯᠴᠢᠯᠠᠯ ᠤᠨ ᠴᠠᠭᠳᠠᠭ᠎ᠠ ᠲᠤᠬᠢᠷᠠᠭᠤᠯᠤᠭᠰᠠᠨ ᠬᠤᠰᠢᠭᠤ ᠰᠢᠶᠠᠨ ᠲᠣᠭᠤᠷᠢᠭ ᠤᠨ ᠵᠢᠭᠤᠯᠴᠢᠯᠠᠯ ᠤᠨ ᠲᠣᠪᠴᠢᠶ᠎ᠠ ᠪᠤᠯᠤᠨ ᠴᠠᠭᠳᠠᠭᠠᠨ ᠤ ᠶᠡᠭᠡ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠴᠠᠬᠠᠷ ᠪᠠᠷᠠᠭᠤᠨ ᠭᠠᠷᠤᠨ ᠳᠤᠮᠳᠠᠲᠤ ᠬᠤᠰᠢᠭᠤ ᠶᠢᠨ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠡᠷᠦᠩᠭᠡᠶᠢᠯᠡᠨ ᠬᠠᠤᠯᠢ ᠬᠡᠷᠡᠭᠵᠢᠬᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ ᠤᠷᠤᠯᠴᠠᠭᠰᠠᠳ ᠬᠦᠢᠲᠡᠨ ᠰᠢᠯᠢ ᠲᠠᠯ᠎ᠠ ᠨᠤᠲᠤᠭ ᠤᠨ ᠵᠢᠭᠤᠯᠴᠢᠯᠠᠯ ᠤᠨ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠤᠨ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠭᠰᠠᠨ ᠤ ᠬᠠᠮᠲᠤ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠬᠢᠯᠠᠰ ᠴᠢᠬ ᠪᠤᠯᠤᠨ ᠠᠰᠠᠭᠤᠳᠠᠯ ᠢ ᠶᠠᠷᠢᠯᠴᠠᠵᠤ ᠰᠤᠯᠢᠯᠴᠠᠵᠤ ᠳ᠋ᠦᠩᠨᠡᠵᠦ᠂ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠠᠷᠭ᠎ᠠ ᠬᠡᠯᠪᠡᠷᠢ ᠶᠢ ᠬᠠᠮᠲᠤ ᠪᠠᠷ  ᠰᠦᠪᠡᠭᠴᠢᠯᠡᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠬᠦᠸᠧ ᠯᠢ ᠫᠢᠡᠭ ᠴᠠᠬᠠᠷ ᠪᠠᠷᠠᠭᠤᠨ ᠭᠠᠷᠤᠨ ᠳᠤᠮᠳᠠᠲᠤ ᠬᠤᠰᠢᠭᠤ ᠶᠢᠨ ᠥᠨᠳᠥᠷ ᠪᠦᠲᠦᠮᠵᠢᠲᠡᠶ ᠬᠠᠮᠲᠤᠷᠠᠨ ᠬᠥᠳᠡᠯᠦᠯᠴᠡᠬᠦ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠲᠣᠭᠲᠠᠴᠠ ᠶᠢ ᠰᠦᠪᠡᠭᠴᠢᠯᠠᠨ ᠪᠠᠶᠢᠭᠤᠯᠬᠤ ᠳᠤ ᠦᠵᠡᠭᠦᠯᠦᠭᠰᠡᠨ ᠴᠢᠷᠮᠠᠶᠢᠯᠭ᠎ᠠ ᠪᠤᠯᠤᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠭᠰᠠᠨ ᠤ ᠬᠠᠮᠲᠤ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠬᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ ᠪᠠ ᠬᠠᠤᠯᠢ ᠬᠡᠷᠡᠭᠵᠢᠭᠦᠯᠬᠦ ᠡᠷᠬᠡ ᠲᠤᠰᠢᠶᠠᠯ ᠢ ᠡᠮᠬᠢᠯᠡᠨ ᠨᠡᠶᠢᠯᠡᠭᠦᠯᠬᠦ ᠭᠤᠷᠪᠠᠨ ᠲᠠᠯ᠎ᠠ ᠪᠠᠷ ᠳᠠᠷᠠᠭᠠᠴᠢ ᠶᠢᠨ ᠱᠠᠲᠤᠨ ᠤ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠡᠯ᠎ᠡ ᠱᠠᠲᠤᠨ ᠤ ᠵᠢᠭᠤᠯᠴᠢᠯᠠᠯ ᠤᠨ ᠰᠠᠯᠠᠭ᠎ᠠ ᠮᠥᠴᠢᠷ᠂ ᠢᠯᠠᠩᠭᠤᠶ᠎ᠠ ᠲᠠᠯ᠎ᠠ ᠨᠤᠲᠤᠭ ᠤᠨ ᠵᠢᠭᠤᠯᠴᠢᠯᠠᠯ ᠤᠨ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠪᠠᠶᠢᠭ᠎ᠠ ᠭᠠᠵᠠᠷ ᠲᠤ ᠵᠢᠭᠤᠯᠴᠢᠯᠠᠯ ᠤᠨ ᠶᠡᠷᠦᠩᠭᠡᠶᠢᠯᠡᠨ ᠬᠠᠤᠯᠢ ᠬᠡᠷᠡᠭᠵᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠠᠴᠠ ᠡᠭᠦᠰᠴᠦ᠂ ᠲᠡᠷᠢᠭᠦᠨ ᠤ ᠲᠤᠷᠰᠢᠯᠭ᠎ᠠ ᠶᠢ ᠥᠷᠭᠡᠨ ᠢᠶᠠᠷ ᠯᠠᠪᠯᠠᠨ ᠲᠤᠯᠢᠯᠠᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠰᠦᠪᠡᠭᠴᠢᠯᠠᠨ᠂ ᠢᠳᠡᠪᠬᠢᠲᠡᠶ ᠬᠠᠶᠢᠨ ᠰᠦᠪᠡᠭᠴᠢᠯᠡᠵᠦ᠂ ᠶᠡᠷᠦᠩᠬᠡᠶᠢᠯᠡᠨ ᠵᠣᠬᠢᠴᠠᠭᠤᠯᠬᠤ᠂ ᠰᠠᠯᠠᠭ᠎ᠠ ᠮᠥᠴᠢᠷ ᠢᠶᠠᠷ ᠢᠶᠠᠨ ᠬᠤᠯᠪᠣᠭᠠᠯᠠᠨ ᠬᠥᠳᠡᠯᠦᠯᠴᠡᠬᠦ᠂ ᠠᠵᠢᠯ ᠬᠤᠪᠢᠶᠠᠨ ᠬᠠᠮᠵᠢᠯᠴᠠᠬᠤ᠂ ᠠᠵᠢᠯᠯᠠᠭ᠎ᠠ ᠪᠠᠨ ᠨᠢᠭᠡᠳᠬᠡᠬᠦ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠵᠢᠭᠤᠯᠴᠢᠯᠠᠯ ᠤᠨ ᠬᠠᠤᠯᠢ ᠶᠢ ᠬᠡᠷᠡᠭᠵᠢᠭᠦᠯᠬᠦ ᠡᠯ᠎ᠡ ᠵᠦᠢᠯ ᠤᠨ ︽ᠬᠦᠴᠢᠷ  ᠲᠦᠪᠡᠭᠲᠠᠢ ᠪᠤᠳᠤᠯᠢᠶᠠᠨᠲᠠᠢ ᠡᠮᠭᠡᠭ︾᠎ ᠢ ᠰᠢᠢᠳᠪᠦᠷᠢᠯᠡᠵᠤ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠥᠯᠥᠭᠡ ᠨᠡᠩ ᠶᠡᠭᠡ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ ᠬᠡᠵᠤ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号