| 9 ᠳ᠋ᠤᠬᠡᠷ ᠰᠠᠷ᠎ᠠ ᠶᠢᠨ 12 ᠤᠨ ᠡᠳᠦᠷ ᠠᠴᠠ 13 ᠤ ᠡᠳᠦᠷ ᠪᠤᠯᠲᠠᠯ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠬᠤᠷᠠᠯ ᠮᠠᠨᠵᠤᠤᠷ | ᠬᠤᠲᠠ ᠳᠤ ᠬᠤᠷᠠᠯᠳᠤᠪᠠ᠃ ᠡᠨᠡ ᠪᠣᠯ ᠮᠠᠨ ᠤ ᠣᠷᠣᠨ ᠠᠩᠬ᠎ᠠ ᠤᠳᠠᠭ᠎ᠠ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠬᠠᠮᠲᠤᠷᠠᠨ ᠬᠤᠷᠠᠯᠳᠤᠭᠤᠯᠤᠭᠰᠠᠨ ᠵᠠᠯᠠᠭᠤᠴᠤᠳ ᠪᠠᠭᠠᠴᠤᠳ ᠤᠨ | ᠪᠡᠶ᠎ᠡ ᠰᠡᠳᠬᠢᠴᠡ ᠶᠢᠨ ᠡᠷᠡᠭᠦᠯ ᠮᠡᠨᠳᠤ ᠶᠢ ᠲᠤᠰᠬᠠᠶᠢᠯᠠᠨ ᠰᠤᠳᠤᠯᠬᠤ ᠠᠵᠢᠯ ᠤᠨ ᠬᠤᠷᠠᠯ ᠪᠤᠯᠤᠨ᠎ᠠ᠃ ᠲᠤᠰ | ᠤᠳᠠᠭᠠᠨ ᠤ ᠬᠤᠷᠠᠯ ᠤᠨ ᠭᠤᠣᠯ ᠰᠡᠳᠦᠪ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠠᠵᠢᠯ ᠤᠨ ᠲᠤᠬᠠᠶ | ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ᠂ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽12·5︾ ᠶᠢᠨ ᠬᠤᠭᠤᠴᠠᠭᠠᠨ ᠤ ᠵᠠᠯᠠᠭᠤᠴᠤᠳ ᠪᠠᠭᠠᠴᠤᠳ ᠤᠨ | ᠪᠡᠶ᠎ᠡ ᠶᠢᠨ ᠲᠠᠮᠢᠷ ᠤᠨ ᠠᠵᠢᠯ ᠤᠨ ᠦᠷ᠎ᠡ ᠪᠦᠲᠦᠮᠵᠢ ᠶᠢ ᠳ᠋ᠦᠩᠨᠡᠵᠦ᠂ ︽13·5︾ ᠶᠢᠨ ᠬᠤᠭᠤᠴᠠᠭᠠᠨ ᠤ | ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠪᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠳᠠᠷᠤᠭ᠎ᠠ ᠲᠠᠨ ᠵᠢᠩ ᠹᠸᠡᠭ | ᠬᠤᠷᠠᠯ ᠳᠤ ᠴᠢᠬᠤᠯᠠ ᠶᠠᠷᠢᠶ᠎ᠠ ᠲᠠᠯᠪᠢᠪᠠ᠃ | ᠮᠠᠨᠵᠤᠤᠷ ᠬᠤᠲᠠ ᠶᠢᠨ ᠳᠠᠷᠤᠭ᠎ᠠ ᠰᠢᠤᠢ ᠠᠢ ᠯᠢᠶᠠᠨ ᠬᠤᠷᠠᠯ ᠳᠤ ᠤᠭᠲᠤᠬᠤ ᠦᠬᠡ ᠬᠡᠯᠡᠪᠡ᠃ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠤᠷᠭᠠᠨ ᠤ | ᠵᠠᠯᠠᠭᠤ ᠪᠠᠭᠠᠴᠤᠳ ᠤᠨ ᠪᠣᠯᠪᠠᠰᠤᠷᠠᠯ ᠤᠨ ᠭᠠᠵᠠᠷ ᠤᠨ ᠳᠠᠷᠤᠭ᠎ᠠ ᠬᠦᠸᠧ ᠵᠧᠨ ᠮᠢᠩ᠂ ᠥᠪᠡᠷᠲᠡᠭᠡᠨ ᠵᠠᠰᠠᠬᠤ | ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠳᠡᠳ᠋ ᠳᠠᠷᠤᠭ᠎ᠠ ᠯᠢ ᡁᠢ ᠶᠢᠤ᠂ ᠡᠦ ᠭᠠᠩ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠳ᠋ᠧᠦ ᠬᠦᠶ ᠵᠢᠶᠦ᠋ᠨ ᠵᠡᠷᠭᠡ | ᠤᠳᠤᠷᠢᠳᠤᠯᠭ᠎ᠠ ᠬᠤᠷᠠᠯ ᠳᠤ ᠤᠷᠤᠯᠴᠠᠪᠠ᠃ ᠬᠤᠷᠠᠯ ᠳᠤ ᠪᠠᠰᠠ ᠡᠯ᠎ᠡ ᠠᠶᠢᠮᠠᠭ ᠬᠤᠳᠠ ᠶᠢᠨ ᠪᠡᠶ᠎ᠡ ᠶᠢᠨ ᠲᠠᠮᠢᠷ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ | ᠲᠢᠩᠬᠢᠮ ᠤᠨ ᠬᠠᠮᠢᠶ᠎ᠠ ᠪᠥᠬᠦᠢ ᠭᠠᠵᠠᠷ ᠬᠡᠷ ᠪᠤᠯᠤᠨ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ᠂ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠲᠠᠮᠢᠷ ᠤᠨ ᠳᠡᠭᠡᠳᠦ ᠰᠤᠷᠭᠠᠭᠤᠯᠢ ᠶᠢᠨ | ᠬᠠᠷᠢᠭᠤᠴᠠᠯᠭᠠᠲᠠᠨ ᠵᠡᠷᠭᠡ 100 ᠭᠠᠷᠤᠶ ᠬᠥᠮᠦᠨ ᠤᠷᠤᠯᠴᠠᠭᠰᠠᠨ ᠪᠠᠶᠢᠨ᠎ᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠤᠪᠴᠢᠶ᠎ᠠ ᠶᠢᠨ ᠳᠡᠳ᠋ ᠳᠠᠷᠤᠭ᠎ᠠ | ᠡᠦ ᠭᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ | ᠲᠠᠮᠢᠷ ᠤᠨ ᠠᠵᠢᠯ ᠤᠨ ᠲᠤᠬᠠᠢ ᠮᠡᠳᠡᠭᠦᠯᠦᠯᠲᠡ ᠬᠢᠵᠤ᠂ ︽12·5︾ ᠶᠢᠨ ᠬᠤᠭᠤᠴᠠᠭᠠᠨ ᠤ ᠪᠦᠬᠦ ᠣᠷᠣᠨ ᠤ | ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠰᠢᠰᠲ᠋ᠧᠮ ᠲᠠᠢ ᠪᠠᠷ ᠡᠷᠭᠢᠴᠡᠭᠦᠯᠦᠨ ᠳ᠋ᠦᠡᠭᠨᠡᠵᠤ᠂ ︽ | 13·5︾ ᠶᠢᠨ ᠬᠤᠭᠤᠴᠠᠭᠠᠨ ᠳᠠᠬᠢ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠤᠣᠯᠳᠠᠯᠭ᠎ᠠ ᠲᠠᠢ | ᠠᠵᠢᠯ ᠢ ᠪᠠᠶᠢᠷᠢᠯᠠᠭᠤᠯᠪᠠ᠃ | ᠥᠪᠥᠷ ᠮᠣᠩᠭᠤᠯ ᠤᠨ ᠬᠥᠯ ᠪᠦᠮᠪᠦᠭᠡ ᠶᠢᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ᠂ ᠬᠦᠬᠡᠬᠤᠲᠠ ᠶᠢᠨ | ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠲᠦᠴᠢᠦᠸᠠᠨ | ᠰᠢᠶᠠᠨ ᠤ ᠪᠠᠭᠠᠴᠤᠳ ᠬᠡᠦᠬᠡᠳ ᠤᠨ ᠪᠡᠶ᠎ᠡ ᠶᠢᠨ ᠲᠠᠮᠢᠷ ᠤᠨ ᠰᠤᠷᠭᠠᠭᠤᠯᠢ᠂ ᠲᠦᠩᠯᠢᠶᠣᠤ ᠬᠤᠲᠠ ᠶᠢᠨ ᠪᠡᠶ᠎ᠡ ᠶᠢᠨ | ᠲᠠᠮᠢᠷ ᠤᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠲᠠᠮᠢᠷ ᠤᠨ ᠰᠤᠷᠭᠠᠭᠤᠯᠢ ᠵᠡᠷᠭᠡ ᠨᠢᠭᠡᠴᠡ ᠶᠢᠨ ᠲᠦᠯᠦᠭᠡᠯᠡᠭᠴᠢ | ᠶᠡᠭᠡ ᠬᠤᠷᠠᠯ ᠳᠤ ᠲᠤᠷᠰᠢᠯᠭ᠎ᠠ ᠪᠠᠨ ᠲᠠᠨᠢᠯᠴᠠᠭᠤᠯᠤᠭᠰᠠᠨ ᠪᠠᠶᠢᠨ᠎ᠠ᠃ ᠬᠤᠷᠠᠯ ᠨᠢ ᠪᠠᠰᠠ ᠪᠦᠬᠦ ᠣᠷᠣᠨ ᠤ ᠰᠤᠷᠭᠠᠨ | ᠬᠥᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠪᠤᠯᠤᠨ ᠰᠤᠷᠭᠠᠭᠤᠯᠢ ᠶᠢᠨ ᠬᠦᠷᠢᠶᠡᠨ ᠤ ᠬᠥᠯ | ᠪᠦᠮᠪᠦᠭᠡ ᠶᠢᠨ ᠠᠵᠢᠯ ᠤᠨ ᠰᠤᠯᠢᠯᠴᠠᠭᠠᠨ ᠤ ᠬᠠᠷᠢᠭᠤ ᠮᠡᠳᠡᠭᠦᠯᠦᠯᠲᠡ ᠶᠢᠨ ᠪᠠᠷᠢᠮᠲᠠᠲᠤ ᠹᠢᠯᠢᠮ ᠢ ᠦᠵᠡᠪᠡ᠃ |