︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ | ᠬᠡᠷᠡᠭᠯᠡᠭᠡᠨ ᠤ ᠠᠵᠢᠯ ᠦᠢᠯᠡᠰ ᠤᠨ ᠤᠨᠴᠠ ᠵᠦᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾ ︵ | ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ 2016 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ | ᠵᠢᠩᠬᠢᠨᠢ ᠪᠠᠷ ᠬᠡᠷᠡᠭᠵᠢᠬᠦᠯᠪᠡ᠃ ︽ᠠᠷᠭ᠎ᠠ︾ ᠶᠢ ᠬᠡᠷᠡᠭᠵᠢᠭᠦᠯᠦᠭᠰᠡᠨ ᠶᠠᠪᠤᠳᠠᠯ ᠨᠢ ᠮᠠᠨ ᠤ ᠣᠷᠣᠨ ᠤ ᠠᠷᠠᠳ ᠤᠨ | ᠪᠡᠯᠡ ᠣᠷᠣᠭᠤᠯᠤᠯᠲᠠ ᠳᠤ ᠨᠡᠩ ᠥᠷᠭᠡᠨ ᠠᠭᠤᠳᠠᠮ ᠣᠷᠣᠨ ᠵᠠᠶ ᠤᠯᠭᠤᠵᠤ᠂ ᠳᠦᠷᠢᠮ ᠤᠨ ᠰᠢᠨᠡᠴᠢᠯᠡᠯᠲᠡ ᠪᠠᠷ | ᠠᠷᠠᠳ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠤᠯᠤᠨ᠎ᠠ᠃ | ᠲᠠᠶᠢᠯᠤᠮᠵᠢ 1. ︽ᠠᠷᠭ᠎ᠠ︾ ᠶᠢ ᠶᠠᠮᠠᠷ ᠪᠠᠶᠢᠳᠠᠯ ᠳᠤᠤᠷ᠎ᠠ ᠨᠡᠶᠢᠲᠡᠯᠡᠨ ᠬᠡᠷᠡᠭᠵᠢᠭᠦᠯᠦᠭᠰᠡᠨ ᠪᠤᠢ︖ | ᠮᠠᠨ ᠤ ᠤᠯᠤᠰ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ | ᠵᠥᠪᠰᠢᠶᠡᠷᠡᠯ ᠤᠨ ᠡᠵᠡᠩᠨᠡᠯᠲᠡ ᠶᠢ ᠦᠷᠨᠢᠬᠦᠯᠦᠭᠡᠳ ᠨᠢᠭᠡᠨᠲᠡ 30 ᠭᠠᠷᠤᠶ ᠵᠢᠯ ᠪᠤᠯᠪᠠ᠂ ᠡᠯ᠎ᠡ ᠭᠠᠵᠠᠷ ᠣᠷᠣᠨ ᠶᠡᠭᠡ | ᠬᠡᠮᠵᠢᠶᠡᠨ ᠤ ᠲᠦᠷᠦᠯ ᠵᠦᠢᠯ ᠢ ᠪᠦᠳᠤᠭᠡᠨ ᠪᠠᠶᠢᠭᠤᠯᠤᠭᠰᠠᠨ ᠤ ᠬᠠᠮᠲᠤ ᠤᠯᠤᠰ ᠪᠤᠯᠤᠨ ᠤᠷᠤᠨ ᠨᠤᠲᠤᠭ ᠴᠤ | ᠬᠠᠮᠢᠶ᠎ᠠ ᠪᠦᠬᠦᠢ 60 ᠭᠠᠷᠤᠢ ᠵᠦᠢᠯ ᠤᠨ ᠬᠠᠤᠯᠢ ᠲᠣᠭᠲᠠᠭᠠᠯ᠂ ᠳᠦᠷᠢᠮ ᠪᠤᠶᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠲᠤᠭᠲᠠᠭᠠᠭᠰᠠᠨ ᠪᠠᠶᠢᠨ᠎ᠠ᠃ ᠤᠢᠢᠷ᠎ᠠ ᠶᠢᠨ ᠵᠢᠯ ᠤᠳ ᠲᠤ᠂ ᠬᠤᠯᠪᠣᠭᠳᠠᠯ ᠪᠦᠬᠦᠢ ᠣᠷᠣᠨ ᠨᠤᠲᠤᠭ ᠨᠢ | ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠬᠤ ᠶᠢᠨ ᠲᠤᠯᠠᠳᠠ᠂ ᠣᠨᠴᠠ ᠵᠥᠪᠰᠢᠶᠡᠷᠡᠯ ᠤᠨ | ᠡᠵᠡᠩᠨᠡᠯᠲᠡ ᠶᠢᠨ ᠲᠦᠷᠦᠯ ᠵᠦᠢᠯ ᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠢᠳᠡᠪᠬᠢᠲᠡᠶ ᠦᠷ᠎ᠡ | ᠪᠦᠲᠦᠮᠵᠢ ᠤᠯᠪᠠ᠃ ᠭᠡᠪᠡᠴᠦ ᠪᠣᠳᠠᠲᠠᠶ ᠠᠵᠢᠯᠯᠠᠬᠤ ᠶᠠᠪᠤᠴᠠ ᠳᠤ᠂ ᠲᠣᠳᠣᠷᠬᠠᠶ ᠬᠠᠤᠯᠢ ᠴᠠᠭᠠᠵᠠ ᠶᠢᠨ ᠲᠦᠰᠢᠭ | ᠲᠤᠯᠭᠠᠭᠤᠷᠢ ᠲᠤᠲᠠᠮᠠᠭ ᠠᠴᠠ ᠪᠤᠯᠵᠤ᠂ ᠨᠡᠶᠢᠭᠡᠮ ᠤᠨ ᠬᠥᠷᠤᠩᠭᠡ ᠨᠢ ᠬᠤᠳᠠ ᠶᠢᠨ ᠶᠠᠪᠤᠳᠠᠯ᠂ ᠵᠠᠮ ᠬᠠᠷᠢᠯᠴᠠᠭ᠎ᠠ᠂ | ᠤᠰᠤᠨ ᠠᠰᠢᠭᠯᠠᠯᠲᠠ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ | ᠬᠡᠷᠡᠭᠯᠡᠭᠡᠨ ᠤ ᠠᠵᠢᠯ ᠦᠢᠯᠡᠰ ᠤᠨ ᠬᠦᠷᠢᠶᠡᠨ ᠳᠤ ᠤᠷᠤᠬᠤ ᠠᠬᠢᠴᠠ ᠳᠤ ᠮᠥᠨ ᠬᠦ ᠤᠯᠤᠰ ᠤᠨ ᠨᠢᠭᠡᠳᠦᠯᠲᠡᠶ | ᠲᠦᠷᠢᠮ ᠤᠨ ᠵᠢᠷᠤᠮᠵᠢᠯ ᠳᠤᠲᠠᠮᠠᠭ᠂ ᠠᠷᠠᠳ ᠤᠨ ᠪᠡᠯᠡ ᠣᠷᠣᠭᠤᠯᠤᠯᠲᠠ ᠶᠢᠨ ᠡᠷᠬᠡ ᠠᠰᠢᠭ ᠢ ᠪᠠᠲᠤᠯᠠᠬᠤ | ᠲᠣᠭᠲᠠᠴᠠ ᠲᠡᠭᠦᠯᠳᠡᠷᠵᠢᠭᠡᠳᠦᠶ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ ᠶᠠᠷᠰᠢᠭ | ᠲᠦᠪᠡᠭᠲᠡᠶ ᠪᠠᠶᠢᠬᠤ ᠵᠡᠷᠭᠡ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠲᠤᠯᠭᠠᠷᠠᠵᠤ ᠪᠠᠶᠢᠨ᠎ᠠ᠃ ᠲᠥᠪ ᠠᠴᠠ ᠡᠭᠦᠨ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠳᠤ ︽ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ | ᠣᠨᠴᠠ ᠵᠦᠪᠰᠢᠶᠡᠷᠡᠯ ᠤᠨ ᠡᠵᠡᠩᠨᠡᠯᠲᠡ ᠶᠢᠨ ᠬᠦᠷᠢᠶᠡᠨ ᠳᠤ ᠣᠷᠣᠭᠤᠯᠬᠤ ᠪᠣᠳᠠᠲᠠᠶ ᠠᠷᠭ᠎ᠠ ᠶᠢ ᠲᠤᠭᠲᠠᠭᠠᠬᠤ | ᠬᠡᠷᠡᠭᠲᠠᠢ︾᠂ ︽ᠨᠡᠶᠢᠭᠡᠮ ᠤᠨ ᠬᠦᠷᠦᠩᠭᠡ ᠶᠢ ᠣᠨᠴᠠ ᠵᠦᠪᠰᠢᠶᠡᠷᠡᠯ ᠤᠨ ᠡᠵᠡᠩᠨᠡᠯᠲᠡ ᠵᠡᠷᠭᠡ ᠠᠷᠭ᠎ᠠ ᠬᠡᠯᠪᠡᠷᠢ ᠪᠠᠷ | ᠬᠤᠳᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠪᠠ ᠡᠵᠡᠩᠨᠡᠯᠲᠡ ᠳᠤ ᠤᠷᠤᠯᠴᠠᠭᠤᠯᠬᠤ ᠶᠢ | ᠵᠦᠪᠰᠢᠶᠡᠷᠡᠨ᠎ᠡ︾ ᠬᠡᠵᠤ ᠲᠣᠳᠣᠷᠬᠠᠶ ᠱᠠᠭᠠᠷᠳᠠᠪᠠ᠃ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ 2015 ᠣᠨ ᠤ ᠥᠭᠡᠷᠡᠴᠢᠯᠡᠯᠲᠡ ᠶᠢᠨ ᠠᠵᠢᠯ ᠤᠨ | ᠲᠤᠪᠴᠢ᠂ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠨ | ᠵᠢᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠠᠤᠯᠢ | ᠲᠣᠭᠲᠠᠭᠠᠬᠤ ᠲᠥᠯᠥᠪᠯᠡᠭᠡ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠰᠠᠭᠤᠷᠢ | ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠦᠪᠰᠢᠶᠡᠷᠡᠯ ᠤᠨ ᠡᠵᠡᠩᠨᠡᠯᠲᠡ ᠤᠨ | ᠬᠠᠤᠯᠢ︾ ᠶᠢ ᠲᠤᠭᠤᠷᠪᠢᠪᠠ᠃ ᠡᠭᠦᠨ ᠤ ᠬᠠᠮᠲᠤ᠂ ᠣᠳᠣᠬᠠᠨ ᠤ ᠠᠷᠠᠳ ᠤᠨ ᠪᠡᠯᠡ ᠣᠷᠣᠭᠤᠯᠤᠯᠲᠠ ᠶᠢ | ᠠᠬᠢᠭᠤᠯᠬᠤ᠂ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠬᠡᠷᠡᠭᠴᠡᠭᠡ ᠶᠢᠨ ᠡᠭᠦᠷᠭᠡ ᠪᠠᠴᠢᠮ ᠪᠠᠶᠢᠬᠤ ᠶᠢ | ᠪᠤᠳᠤᠯᠬᠢᠯᠠᠨ᠂ ᠪᠠᠴᠢᠮ ᠪᠠᠶᠢᠳᠠᠯ ᠳᠤ ᠤᠷᠢᠳᠠᠪᠠᠷ ᠬᠡᠷᠡᠭᠯᠡᠬᠦ ᠵᠠᠷᠴᠢᠮ ᠶᠣᠰᠣᠭᠠᠷ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠨᠢ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠲᠡᠭᠡᠭᠡᠪᠦᠷᠢ ᠶᠢᠨ ᠶᠠᠮᠤᠨ᠂ ᠤᠰᠦᠠ ᠠᠰᠢᠭᠯᠠᠯᠲᠠ ᠶᠢᠨ ᠶᠠᠮᠤᠨ᠂ | ᠠᠷᠠᠳ ᠤᠨ ᠪᠠᠩᠬᠢ ᠲᠠᠢ ᠬᠠᠮᠲᠤᠷᠠᠨ ︽ᠰᠠᠭᠤᠷᠢ ᠪᠡᠯᠡᠳᠭᠡᠮᠵᠢ ᠪᠤᠯᠤᠨ ᠨᠡᠶᠢᠲᠡ ᠶᠢᠨ ᠬᠡᠷᠡᠭᠯᠡᠭᠡᠨ ᠤ ᠠᠵᠢᠯ | ᠦᠢᠯᠡᠰ ᠤᠨ ᠤᠨᠴᠠ ᠵᠦᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾ ᠶᠢ ᠲᠤᠭᠤᠷᠪᠢᠵᠤ᠂ 89 | ᠳ᠋ᠤᠭᠡᠷ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ᠮᠡᠳᠡᠭᠦᠯᠵᠤ ᠬᠢᠨᠠᠨ | ᠪᠠᠲᠤᠯᠠᠭᠤᠯᠤᠭᠠᠳ᠂ ᠵᠢᠷᠭᠤᠭᠠᠨ ᠶᠠᠮᠤᠨ ᠵᠦᠪᠯᠡᠯ ᠤᠨ 2015 ᠣᠨ ᠤ 25 ᠳ᠋ᠤᠭᠠᠷ ᠲᠣᠭᠠᠲᠤ ᠵᠠᠷᠯᠢᠭ ᠢᠶᠠᠷ | ᠨᠡᠶᠢᠲᠡᠯᠡᠨ ᠬᠡᠷᠡᠭᠵᠢᠭᠦᠯᠵᠦ᠂ 2015 ᠤᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ᠃ | ᠤᠯᠤᠰ ᠤᠨ ︽ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ | ᠵᠥᠪᠰᠢᠶᠡᠷᠡᠯ ᠤᠨ ᠡᠵᠡᠩᠨᠡᠯᠲᠡ ᠬᠠᠮᠢᠶᠠᠷᠤᠯᠲᠠ ᠶᠢᠨ ᠠᠷᠭ᠎ᠠ︾ ᠶᠢ ᠦᠨᠡᠨ ᠬᠦ ᠰᠠᠶᠢᠲᠤᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠶᠢᠭᠡᠮ ᠤᠨ ᠡᠳ᠋ ᠬᠥᠷᠥᠩᠭᠡ ᠶᠢ ᠵᠣᠷᠢᠭᠵᠢᠭᠤᠯᠤᠨ ᠵᠢᠯᠣᠭᠤᠳᠴᠤ ᠮᠠᠨ ᠤ ᠣᠷᠣᠨ ᠤ | ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠪᠦᠳᠦᠭᠡᠠ ᠪᠠᠶᠢᠭᠤᠯᠤᠯᠲᠠ ᠶᠢᠨ | ᠡᠵᠡᠩᠨᠡᠯᠲᠡ ᠳᠤ ᠣᠷᠣᠯᠴᠠᠭᠤᠯᠵᠤ᠂ ᠮᠠᠨ ᠤ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ | ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠨᠢ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠬᠤᠳᠠ ᠬᠥᠳᠡᠭᠡ ᠶᠢᠨ | ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠵᠠᠮ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ | ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠲᠠᠢ ᠬᠠᠮᠲᠤᠷᠠᠨ᠂ | ᠮᠠᠨ ᠤ ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ︾ ᠶᠢ ᠲᠤᠭᠤᠷᠪᠢᠨ ᠪᠢᠴᠢᠵᠦ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠤᠯᠤᠭᠠᠳ᠂ 6 ᠰᠠᠯᠠᠭ᠎ᠠ | ᠮᠥᠴᠢᠷ ᠨᠡᠷ᠎ᠡ ᠪᠠᠷ ᠬᠠᠮᠲᠤᠷᠠᠨ ᠲᠠᠷᠬᠠᠭᠠᠵᠤ᠂ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠪᠡ᠃ | ᠲᠠᠶᠢᠯᠤᠮᠵᠢ 2. ︽ᠠᠷᠭ᠎ᠠ︾ ᠶᠢᠨ ᠨᠡᠶᠢᠲᠡᠯᠡᠭᠳᠡᠭᠰᠡᠨ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ | ᠪᠤᠢ︖ | ︽ᠠᠷᠭ᠎ᠠ︾ ᠪᠣᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠠᠴᠠ ᠳᠤᠷᠠᠳᠤᠭᠰᠠᠨ ᠵᠠᠬ᠎ᠠ ᠳᠡᠯᠭᠡᠭᠦᠷ ᠤᠨ | ᠬᠠᠤᠯᠢ ᠴᠠᠭᠠᠵᠠ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠶᠢᠯᠠᠯ ᠢ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠬᠦᠷᠢᠶ᠎ᠡ ᠳᠤ ᠣᠷᠣᠭᠤᠯᠬᠤ ᠪᠣᠳᠠᠲᠠᠶ ᠠᠷᠭ᠎ᠠ ᠵᠡᠷᠭᠡ ᠶᠢ | ᠲᠤᠭᠲᠠᠭᠠᠬᠤ ᠲᠤᠬᠠᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ | ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠴᠢᠬᠤᠯᠠ ᠥᠭᠡᠷᠡᠴᠢᠯᠡᠯᠲᠡ ᠪᠠ ᠲᠦᠷᠢᠮ ᠤᠨ ᠰᠢᠨ᠎ᠡ ᠡᠭᠦᠳᠦᠯᠲᠡ | ᠮᠥᠨ᠃ | ︽ᠠᠷᠭ᠎ᠠ︾ ᠨᠢ ᠮᠠᠨ ᠤ ᠣᠷᠣᠨ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠠᠵᠢᠯ | ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢ ᠬᠥᠲᠥᠯᠥᠨ ᠵᠢᠯᠣᠭᠤᠳᠴᠤ ᠵᠢᠷᠤᠮᠵᠢᠭᠤᠯᠤᠨ᠂ ᠵᠠᠰᠠᠭ ᠤᠨ | ᠣᠷᠳᠣᠨ ᠪᠠ ᠨᠡᠶᠢᠭᠡᠮ ᠤᠨ ᠡᠳ᠋ ᠬᠦᠷᠦᠩᠭᠡ ᠶᠢᠨ ᠬᠤᠷᠰᠢᠯᠴᠠᠭ᠎ᠠ ᠶᠢ ᠠᠬᠢᠭᠤᠯᠬᠤ᠂ ᠠᠷᠠᠳ ᠤᠨ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠡᠷᠬᠡ ᠠᠰᠢᠭ ᠢ ᠪᠠᠲᠤᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ | ᠬᠤᠪᠢᠷᠠᠭᠤᠯᠤᠯᠲᠠ ᠶᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠵᠡᠷᠭᠡ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠂ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠶᠢᠯᠠᠯ ᠢ ᠵᠤᠷᠢᠭᠵᠢᠭᠤᠯᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠬᠦᠷᠢᠶ᠎ᠡ ᠳᠤ ᠣᠷᠣᠭᠤᠯᠵᠤ᠂ | ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠲᠣᠬᠢᠷᠠᠭᠤᠯᠬᠤ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠪᠠᠳᠠᠷᠠᠭᠤᠯᠬᠤ᠂ | ᠴᠢᠨᠠᠭᠰᠢᠯᠠᠪᠠᠯ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠳᠤ ᠴᠥᠮ ᠠᠯᠤᠰ ᠭᠡᠳᠤ ᠶᠢᠨ ᠠᠴᠢ | ᠬᠤᠯᠪᠣᠭᠳᠠᠯ ᠲᠠᠢ ᠶᠤᠮ᠃ | ︽ᠠᠷᠭ᠎ᠠ︾ ᠶᠢ ᠬᠡᠷᠡᠭᠵᠢᠭᠦᠯᠦᠭᠰᠡᠨ ᠶᠠᠪᠤᠳᠠᠯ ᠨᠢ ᠮᠠᠨ ᠤ ᠣᠷᠣᠨ ᠠᠷᠠᠳ ᠤᠨ ᠪᠡᠯᠡ ᠣᠷᠣᠭᠤᠯᠤᠯᠲᠠ ᠳᠤ | ᠨᠡᠩ ᠥᠷᠭᠡᠨ ᠠᠭᠤᠳᠠᠮ ᠣᠷᠣᠨ ᠵᠠᠶ ᠣᠯᠭᠤᠵᠤ᠂ ᠲᠦᠷᠢᠮ ᠤᠨ ᠲᠠᠯ᠎ᠠ ᠶᠢᠨ ᠰᠢᠨ᠎ᠡ ᠡᠭᠦᠳᠦᠯᠲᠡ ᠪᠠᠷ ᠠᠷᠠᠳ ᠤᠨ | ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠣᠯᠣᠨ᠎ᠠ᠃ ᠥᠭᠡᠷᠡᠴᠢᠯᠡᠯᠲᠡ ᠪᠠ ᠳᠦᠷᠢᠮ ᠤᠨ | ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠨᠡᠶᠢᠭᠡᠮ ᠤᠨ ᠡᠳ᠋ ᠬᠥᠷᠥᠩᠭᠡ ᠶᠢᠨ ᠠᠮᠢᠯᠠᠯ ᠤᠨ ᠬᠦᠴᠦᠨ ᠢ ᠤᠯᠠᠮ ᠨᠢᠭᠡ | ᠠᠯᠬᠤᠮ ᠬᠥᠭᠵᠢᠭᠡᠵᠦ᠂ ᠤᠯᠠᠨ ᠨᠡᠶᠢᠲᠡ ᠶᠢᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ | ᠠᠷᠠᠳ ᠤᠨ ᠪᠡᠯᠡ ᠣᠷᠣᠭᠤᠯᠤᠯᠲᠠ ᠶᠢᠨ ᠬᠠᠯᠠᠭᠤᠨ ᠰᠡᠳᠬᠢᠯ ᠢ ᠤᠯᠠᠮ ᠬᠥᠭᠵᠢᠭᠡᠵᠦ᠂ ᠦᠢ ᠣᠯᠠᠨ ᠢᠶᠠᠷ ᠢᠶᠠᠨ | ᠠᠳᠠᠯ ᠦᠢᠯᠡᠰ ᠴᠣᠭᠴᠠᠯᠠᠵᠤ᠂ ᠲᠦᠭ ᠲᠦᠮᠡ ᠪᠠᠷ ᠢᠶᠠᠨ ᠰᠢᠨ᠎ᠡ ᠶᠢ ᠡᠭᠦᠳᠬᠦ ᠲᠠᠢ ᠴᠤᠭ ᠠᠵᠤ ᠠᠬᠤᠶ ᠶᠢᠨ | ᠬᠥᠭᠵᠢᠯᠲᠡ ᠶᠢᠨ ︽ᠬᠤᠣᠰ ᠬᠥᠳᠡᠯᠭᠡᠭᠦᠷ︾ ᠢ ᠪᠦᠷᠢᠯᠳᠦᠭᠦᠯᠬᠦ ᠪᠣᠯᠣᠨ᠎ᠠ᠃ | ᠲᠠᠶᠢᠯᠤᠮᠵᠢ 3. ︽ᠠᠷᠭ᠎ᠠ︾ ᠳᠤ ᠭᠤᠣᠯᠳᠠᠭᠤ ᠶᠠᠮᠠᠷ ᠶᠠᠮᠠᠷ ᠠᠭᠤᠯᠭ᠎ᠠ ᠪᠠᠭᠲᠠᠵᠤ ᠪᠠᠶᠢᠬᠤ ᠪᠤᠢ︖ | ︽ᠠᠷᠭ᠎ᠠ︾ ᠳᠤ ᠨᠡᠶᠢᠲᠡ ᠲᠠᠪᠤᠨ ᠪᠦᠯᠦᠭ 41 ᠵᠦᠢᠯ ᠪᠠᠭᠲᠠᠵᠤ᠂ ᠮᠠᠨ ᠤ ᠣᠷᠣᠨ ᠤ ᠰᠠᠭᠤᠷᠢ | ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ | ᠬᠡᠷᠡᠭᠯᠡᠭᠡᠨ ᠤ ᠬᠡᠪᠴᠢᠶ᠎ᠡ᠂ ᠬᠡᠷᠡᠭᠵᠢᠭᠦᠯᠬᠦ ᠳᠡᠰ ᠳᠠᠷᠠᠭᠠᠯᠠᠯ᠂ ᠲᠥᠷᠥ ᠶᠢᠨ ᠪᠤᠳᠤᠯᠭ᠎ᠠ ᠶᠢᠨ ᠳᠡᠮᠵᠢᠯᠭᠡ ᠵᠡᠷᠭᠡ | ᠲᠠᠯ᠎ᠠ ᠪᠠᠷ ᠨᠡᠯᠢᠶᠡᠳ ᠪᠦᠬᠦ ᠲᠠᠯ᠎ᠠ ᠶᠢᠨ ᠨᠠᠷᠢᠨ ᠲᠣᠭᠲᠠᠭᠠᠯ ᠭᠠᠷᠭᠠᠵᠠᠶ᠃ ᠭᠤᠣᠯ ᠠᠭᠤᠯᠭ᠎ᠠ ᠳᠤ ᠳᠣᠣᠷᠠᠬᠢ ᠲᠠᠪᠤᠨ | ᠲᠠᠯ᠎ᠠ ᠪᠠᠭᠲᠠᠵᠤ ᠪᠠᠶᠢᠨ᠎ᠠ᠄ | ᠨᠢᠭᠡ ᠳᠤ ᠲᠥᠷᠥᠯ ᠵᠦᠢᠯ ᠤᠨ ᠬᠡᠷᠡᠭᠯᠡᠬᠦ ᠬᠡᠪᠴᠢᠶ᠎ᠡ ᠶᠢ ᠲᠣᠲᠤᠷᠬᠠᠶᠢᠯᠠᠪᠠ᠃ ︽ᠠᠷᠭ᠎ᠠ︾ ᠳᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠰᠠᠭᠤᠷᠢ ᠪᠡᠯᠡᠳᠬᠡᠮᠵᠢ | ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠦᠷᠢᠶᠡᠨ ᠳᠠᠬᠢ ᠠᠵᠢᠯᠯᠠᠭ᠎ᠠ ᠳᠤ ᠲᠣᠬᠢᠷᠠᠨ᠎ᠠ ᠭᠡᠵᠦ | ᠲᠣᠲᠤᠷᠬᠠᠢ ᠲᠣᠭᠲᠠᠭᠠᠪᠠ᠃ | ᠬᠤᠶᠠᠷ ᠲᠤ ᠳᠦᠷᠦᠯ ᠵᠦᠢᠯ ᠢ ᠨᠣᠲᠠᠯᠠᠨ ᠲᠣᠭᠲᠠᠭᠠᠬᠤ ᠵᠠᠷᠴᠢᠮ ᠢ ᠲᠣᠲᠤᠷᠬᠠᠶᠢᠯᠠᠪᠠ᠃ ︽ᠠᠷᠭ᠎ᠠ︾ ᠳᠤ᠂ | ᠳᠣᠣᠷ᠎ᠠ ᠵᠢᠭᠰᠠᠭᠠᠭᠰᠠᠨ ᠨᠥᠬᠦᠴᠡᠯ ᠳᠤ ᠨᠡᠶᠢᠴᠡᠭᠰᠡᠨ ᠰᠠᠭᠤᠷᠢ ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ | ᠲᠥᠷᠥᠯ ᠵᠦᠢᠯ ᠳᠤ ᠣᠨᠴᠠ ᠵᠥᠪᠰᠢᠶᠡᠷᠡᠯ ᠤᠨ ᠡᠵᠡᠩᠨᠡᠯᠲᠡ ᠶᠢ ᠬᠡᠷᠡᠭᠵᠢᠭᠦᠯᠦᠨ᠎ᠡ ᠭᠡᠵᠦ ᠲᠣᠭᠲᠠᠭᠠᠪᠠ᠄ | ︵ᠨᠢᠭᠡ︶ ᠨᠡᠶᠢᠭᠡᠮ ᠤᠨ ᠬᠥᠷᠥᠩᠭᠡ ᠳᠤ ᠲᠤᠰᠬᠠᠶ ᠮᠡᠷᠭᠡᠵᠢᠯ ᠤᠨ ᠳᠠᠪᠠᠭᠤᠯᠢᠭ ᠲᠠᠢ ᠪᠠᠶᠢᠵᠤ᠂ ᠲᠥᠷᠥᠯ | ᠵᠦᠢᠯ ᠤᠨ ᠪᠦᠷᠢᠨ ᠠᠮᠢ ᠨᠠᠰᠤᠨ ᠤ ᠦᠶᠡᠯᠡᠯ ᠤᠨ ᠥᠪᠡᠷ ᠤᠨ ᠥᠷᠳᠡᠭ ᠢ ᠮᠡᠳᠡᠭᠳᠡᠬᠦ᠋ᠢᠴᠡ ᠪᠠᠭᠤᠷᠠᠭᠤᠯᠵᠤ | ᠴᠢᠳᠠᠬᠤ ᠪᠤᠶᠤ ᠣᠯᠠᠨ ᠨᠡᠶᠢᠲᠡ ᠶᠢᠨ ᠦᠢᠯᠡᠳᠬᠦᠨ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠵᠦ ᠳᠡᠶᠢᠯᠬᠦ︔ | ︵ᠬᠤᠶᠠᠷ︶ ᠠᠶᠤᠯ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠲᠣᠳᠣᠷᠬᠠᠶ᠂ ᠠᠵᠢᠯ ᠤᠨ | ᠪᠦᠲᠦᠮᠵᠢ ᠶᠢ ᠬᠢᠨᠠᠨ ᠬᠠᠮᠢᠶᠠᠷᠬᠤ ᠱᠠᠭᠠᠷᠳᠠᠯᠭ᠎ᠠ ᠲᠣᠳᠣᠷᠬᠠᠶ ᠪᠠᠶᠢᠬᠤ︔ | ︵ᠭᠤᠷᠪᠠ︶ ᠲᠥᠷᠥᠯ ᠵᠦᠢᠯ ᠨᠢ ᠵᠦᠢ ᠵᠣᠬᠢᠰᠲᠠᠶ ᠮᠥᠷᠲᠡᠭᠡᠨ ᠲᠣᠭᠲᠠᠪᠤᠷᠢᠲᠠᠢ ᠵᠢᠱᠢᠭᠰᠡᠨ ᠠᠰᠢᠭ | ᠣᠷᠣᠯᠭ᠎ᠠ ᠲᠠᠢ ᠪᠠᠶᠢᠬᠤ᠃ | ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠨᠢ ᠤᠯᠤᠰ ᠠᠷᠠᠳ ᠤᠨ ᠠᠵᠤ ᠠᠬᠤᠶ ᠪᠣᠯᠤᠨ | ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠭᠤᠣᠯ ᠴᠣᠭᠴᠠ ᠶᠢᠨ ᠴᠢᠳᠠᠮᠵᠢᠳᠤ ᠣᠷᠣᠨ ᠤ | ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ ᠪᠣᠯᠤᠨ ᠠᠶᠤᠯ ᠥᠭᠡᠢ ᠦᠢᠯᠡᠳᠪᠦᠷᠢᠯᠡᠯ ᠤᠨ ᠲᠥᠯᠥᠪᠵᠢᠭᠦᠯᠭᠡ ᠵᠡᠷᠭᠡ ᠲᠤᠰᠬᠠᠶ | ᠲᠥᠯᠥᠪᠵᠢᠭᠦᠯᠭᠡ᠂ ᠭᠠᠵᠠᠷ ᠰᠢᠷᠣᠶ ᠶᠢ ᠠᠰᠢᠭᠯᠠᠬᠤ ᠲᠥᠯᠥᠪᠵᠢᠭᠦᠯᠭᠡ᠂ ᠬᠤᠳᠠ ᠬᠥᠳᠡᠭᠡ ᠶᠢᠨ ᠲᠥᠯᠥᠪᠵᠢᠭᠦᠯᠭᠡ᠂ | ᠤᠷᠲᠤᠪᠲᠤᠷ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠵᠡᠷᠭᠡ ᠳᠤ ᠨᠡᠶᠢᠴᠡᠭᠰᠡᠨ ᠪᠠᠶᠢᠬᠤ | ᠬᠡᠷᠡᠭᠲᠡᠢ᠃ | ᠭᠤᠷᠪᠠ ᠳᠤ ᠲᠥᠷᠥᠯ ᠵᠦᠢᠯ ᠢ ᠬᠡᠷᠡᠭᠵᠢᠭᠦᠯᠬᠦ ᠠᠯᠬᠤᠮ ᠳᠠᠷᠠᠭ᠎ᠠ ᠶᠢ ᠲᠣᠲᠤᠷᠬᠠᠶᠢᠯᠠᠪᠠ᠃ ︽ᠠᠷᠭ᠎ᠠ︾ ᠶᠢᠨ | ᠠᠷᠪᠠᠨ ᠲᠠᠪᠤᠳᠤᠭᠠᠷ ᠵᠦᠢᠯ ᠠᠴᠠ ᠭᠤᠴᠢᠨ ᠭᠤᠷᠪᠠᠳᠤᠭᠠᠷ ᠵᠦᠢᠯ ᠬᠦᠷᠲᠡᠯ᠎ᠡ᠂ ᠬᠠᠭᠠᠰ ᠰᠢᠬᠠᠮ ᠬᠡᠮᠵᠢᠶ᠎ᠡ ᠪᠠᠷ | ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠤᠨ ᠬᠤᠷᠰᠢᠯᠴᠠᠭ᠎ᠠ᠂ ᠵᠥᠪᠳᠡᠯᠴᠡᠭᠡᠷ ᠲᠣᠭᠲᠠᠬᠤ᠂ | ᠪᠡᠯᠡ ᠮᠥᠩᠭᠦᠨ ᠤ ᠳᠡᠮᠵᠢᠯᠭᠡ᠂ ᠵᠠᠰᠠᠭ ᠤᠨ ᠣᠷᠳᠣᠨ ᠵᠢᠴᠢ ᠬᠤᠷᠰᠢᠯᠴᠠᠬᠤ ᠲᠠᠯ᠎ᠠ ᠶᠢᠨ ᠪᠣᠯᠵᠤᠭ᠎ᠠ ᠭᠦᠢᠴᠡᠳᠬᠡᠬᠦ | ᠡᠭᠦᠷᠭᠡ ᠪᠣᠯᠣᠨ ᠬᠠᠷᠢᠭᠤᠴᠠᠯᠭ᠎ᠠ ᠵᠡᠷᠭᠡ ᠶᠢ ᠨᠠᠷᠢᠨ ᠲᠣᠭᠲᠠᠭᠠᠭᠰᠠᠨ ᠪᠣᠯᠬᠤᠷ ᠮᠠᠨ ᠤ ᠣᠷᠣᠨ ᠤ ᠰᠠᠭᠤᠷᠢ | ᠪᠡᠯᠡᠳᠬᠡᠮᠵᠢ ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠬᠦᠷᠢᠶᠡᠨ ᠳᠠᠬᠢ ᠠᠵᠢᠯᠯᠠᠭ᠎ᠠ ᠶᠢᠨ ᠳᠤᠮᠳᠠᠬᠢ | ᠬᠡᠷᠡᠭᠵᠢᠭᠦᠯᠬᠦ ᠴᠢᠨᠠᠷ ᠢᠶᠠᠷ ᠴᠢᠩᠭ᠎ᠠ ᠪᠣᠳᠠᠲᠠᠶ ᠠᠷᠭ᠎ᠠ ᠪᠣᠯᠣᠨ᠎ᠠ᠃ | ᠲᠦᠷᠪᠡ ᠳᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠲᠣᠲᠤᠷᠬᠠᠶᠢᠯᠠᠪᠠ᠃ ︽ᠠᠷᠭ᠎ᠠ︾ ᠳᠤ ᠪᠦᠬᠦ | ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠠᠴᠠ ᠰᠠᠭᠤᠷᠢ ᠪᠡᠯᠡᠳᠬᠡᠮᠵᠢ | ᠪᠣᠯᠣᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠳᠠᠬᠢ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠲᠣᠷᠬᠠᠢ ᠲᠣᠭᠲᠠᠭᠠᠭᠰᠠᠨ ᠨᠢ ᠰᠠᠭᠤᠷᠢ ᠪᠡᠯᠡᠳᠬᠡᠮᠵᠢ | ᠪᠣᠯᠣᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠣᠨᠴᠠ ᠡᠵᠡᠩᠨᠡᠯᠲᠡ ᠶᠢᠨ ᠲᠥᠷᠥᠯ ᠵᠦᠢᠯ ᠢ ᠵᠢᠷᠤᠮᠵᠢᠭᠤᠨ | ᠡᠮᠬᠢ ᠳᠠᠷᠠᠭ᠎ᠠ ᠲᠠᠢ ᠪᠥᠳᠥᠭᠡᠨ ᠪᠠᠶᠢᠭᠤᠯᠬᠤ ᠪᠠ ᠡᠵᠡᠩᠨᠡᠬᠦ ᠳᠤ ᠠᠰᠢᠭᠲᠠᠢ ᠶᠤᠮ᠃ | ᠲᠠᠶᠢᠯᠤᠮᠵᠢ 4. ᠣᠨᠴᠠ ᠵᠥᠪᠰᠢᠶᠡᠷᠡᠯ ᠤᠨ ᠡᠵᠡᠩᠨᠡᠯᠲᠡ ᠪᠣᠯᠣᠨ PPP ᠶᠠᠮᠠᠷ ᠬᠠᠷᠢᠴᠠᠭ᠎ᠠ ᠲᠠᠢ | ᠪᠤᠶ︖ | PPP ᠭᠡᠳᠡᠭ ᠨᠢ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠤᠷᠰᠢᠯᠴᠠᠭ᠎ᠠ ᠶᠢ | ᠵᠢᠭᠠᠵᠤ᠂ ᠬᠦᠷᠢᠶ᠎ᠡ ᠬᠡᠪᠴᠢᠶ᠎ᠡ ᠪᠣᠯᠣᠨ ᠠᠭᠤᠯᠤᠭᠳᠠᠬᠤᠨ ᠨᠢ ᠨᠡᠯᠢᠶᠡᠳ ᠥᠷᠭᠡᠨ ᠪᠠᠶᠢᠳᠠᠭ᠂ ᠣᠨᠴᠠ | ᠵᠥᠪᠰᠢᠶᠡᠷᠡᠯ ᠤᠨ ᠡᠵᠡᠩᠨᠡᠯᠲᠡ ᠶᠢ ᠪᠠᠭᠲᠠᠭᠠᠬᠤ ᠪᠦᠭᠡᠳ ᠰᠲ᠋ᠣᠺ ᠤᠨ ᠡᠷᠬᠡ ᠶᠢᠨ ᠬᠤᠷᠰᠢᠯᠴᠠᠭ᠎ᠠ ᠲᠠᠢ ᠪᠠᠶᠢᠵᠤ᠂ | ᠪᠠᠰᠠ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠬᠡᠯᠪᠡᠷᠢ ᠲᠠᠢ ᠪᠠᠶᠢᠳᠠᠭ᠃ | ᠭᠡᠪᠡᠴᠦ ᠪᠤᠰᠤᠳ ᠤᠯᠤᠰ ᠪᠣᠯᠣᠨ ᠮᠠᠨ ᠤ ᠤᠯᠤᠰ ᠤᠨ ᠪᠣᠳᠠᠲᠤ ᠪᠠᠶᠢᠳᠠᠯ ᠠᠴᠠ ᠠᠪᠴᠤ ᠦᠵᠡᠪᠡᠯ᠂ PPP ᠨᠢ | ᠴᠥᠮ ᠭᠤᠣᠯᠳᠠᠭᠤ ᠰᠠᠭᠤᠷᠢ ᠪᠡᠯᠡᠳᠬᠡᠮᠵᠢ ᠪᠣᠯᠣᠨ ᠤᠯᠠᠨ ᠨᠡᠶᠢᠲᠡ ᠶᠢᠨ ᠪᠦᠲᠦᠭᠡᠨ ᠪᠠᠶᠢᠭᠤᠯᠤᠯᠲᠠ ᠶᠢᠨ | ᠬᠦᠷᠢᠶᠡᠨ ᠳᠤ ᠲᠥᠪᠯᠡᠷᠡᠵᠦ᠂ ᠣᠨᠴᠠ ᠵᠥᠪᠰᠢᠶᠡᠷᠡᠯ ᠤᠨ ᠡᠵᠡᠩᠨᠡᠯᠲᠡ ᠪᠠᠷ ᠳᠠᠮᠵᠢᠨ ᠪᠤᠳᠠᠲᠠᠢ ᠬᠡᠷᠡᠭᠵᠢᠭᠦᠯᠦᠭᠳᠡᠵᠦ | ᠪᠡᠶᠡᠯᠡᠭᠳᠡᠳᠡᠭ᠃ ᠳᠡᠯᠡᠬᠡᠶ ᠶᠢᠨ ᠪᠠᠩᠬᠢ ᠶᠢᠨ ᠪᠦᠷᠢᠨ ᠪᠤᠰᠤ ᠪᠦᠷᠢᠳᠬᠡᠯ ᠢᠶᠠᠷ ᠪᠣᠯ ᠂ ᠳᠡᠭᠡᠷ᠎ᠡ ᠵᠠᠭᠤᠨ ᠤ ᠶᠡᠷᠡᠭᠡᠳ | ᠣᠨ ᠠᠴᠠ ᠨᠠᠰᠢ᠂ ᠮᠠᠨ ᠤ ᠤᠯᠤᠰ ᠵᠠᠮ ᠬᠠᠷᠢᠯᠴᠠᠭ᠎ᠠ᠂ ᠡᠨᠧᠷᠭᠢ᠂ ᠬᠤᠳᠠ ᠶᠢᠨ ᠶᠠᠪᠤᠳᠠᠯ ᠤᠨ ᠬᠦᠷᠢᠶᠡᠨ ᠳᠤ | 1000 ᠭᠠᠷᠤᠢ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠭᠰᠠᠨ | ᠪᠠᠶᠢᠨ᠎ᠠ᠃ ᠪᠤᠰᠤᠳ ᠠᠩᠬ᠎ᠠ ᠠᠯᠬᠤᠮ ᠤᠨ ᠪᠦᠷᠢᠳᠬᠡᠯ ᠢᠶᠠᠷ ᠪᠣᠯ᠂ ᠳᠤᠮᠳᠠᠳᠤ ᠤᠯᠤᠰ ᠤᠨ ᠬᠤᠲᠠ ᠶᠢᠨ ᠪᠣᠬᠢᠷ | ᠤᠰᠤ ᠶᠢ ᠰᠢᠢᠳᠪᠦᠷᠢᠯᠡᠬᠦ ᠪᠠ ᠨᠡᠶᠢᠲᠡ ᠶᠢᠨ ᠬᠡᠷᠡᠭᠯᠡᠭᠡᠨ ᠤ ᠤᠰᠤᠨ ᠤ ᠲᠥᠷᠥᠯ ᠵᠦᠢᠯ ᠳᠤ ᠣᠨᠴᠠ | ᠵᠥᠪᠰᠢᠶᠡᠷᠡᠯ ᠤᠨ ᠡᠵᠡᠩᠨᠡᠯᠲᠡ ᠶᠢ ᠬᠡᠷᠡᠭᠵᠢᠭᠦᠯᠦᠭᠰᠡᠨ ᠬᠠᠷᠢᠴᠠᠯ ᠨᠢ 42% ᠪᠠ 20% ᠳᠤ ᠬᠦᠷᠪᠡ᠃ | ᠡᠶᠢᠮᠦ ᠠᠴᠠ᠂ ᠣᠨᠴᠠ ᠵᠥᠪᠰᠢᠶᠡᠷᠡᠯ ᠤᠨ ᠡᠵᠡᠩᠨᠡᠯᠲᠡ ᠨᠢ PPP ᠶᠢᠨ ᠬᠠᠮᠤᠭ ᠤᠨ ᠴᠢᠬᠤᠯᠠ ᠠᠭᠤᠯᠭ᠎ᠠ ᠭᠡᠵᠦ | ᠬᠡᠯᠡᠵᠦ ᠪᠣᠯᠣᠨ᠎ᠠ᠂ ︽ᠠᠷᠭ᠎ᠠ︾ ᠶᠢ ppp ᠵᠠᠭᠪᠤᠷᠰᠢᠯ ᠢ ᠲᠦᠯᠬᠢᠨ ᠠᠬᠢᠭᠤᠯᠬᠤ ᠴᠢᠬᠤᠯᠠ ᠲᠦᠷᠢᠮ | ᠲᠣᠭᠲᠠᠭᠠᠯ ᠤᠨ ᠵᠢᠷᠤᠭ ᠲᠥᠯᠥᠪᠯᠡᠭᠡ ᠪᠠᠷ ᠦᠵᠡᠵᠦ ᠪᠣᠯᠣᠨ᠎ᠠ᠂ ppp ᠵᠠᠭᠪᠤᠷᠰᠢᠯ ᠤᠨ ᠬᠥᠭᠵᠢᠯᠲᠡ ᠶᠢ | ᠠᠬᠢᠭᠤᠯᠬᠤ ᠨᠢᠭᠡᠨ ᠢᠵᠢ ᠪᠦᠷᠢᠨ ᠳᠦᠷᠢᠮ ᠢᠶᠠᠷ ᠦᠵᠡᠭᠰᠡᠨ ᠴᠦ ᠪᠣᠯᠣᠨ᠎ᠠ᠃ | |