2016 ᠣᠨ ᠤ ᠪᠦᠬᠦ ᠣᠷᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/9/2
     8 ᠳ᠋ᠤᠭᠠᠷ ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠥᠬᠡᠬᠤᠲᠠ ᠳᠤ 2016 ᠣᠨ ᠤ ᠪᠦᠬᠦ ᠣᠷᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠤᠨ ᠭᠤᠣᠯ ᠡᠭᠦᠷᠭᠡ ᠪᠣᠯ᠄ ᠪᠦᠬᠦ ᠤᠯᠤᠰ ᠤᠨ ᠬᠠᠤᠯᠢ ᠴᠠᠭᠠᠵᠠ ᠶᠢᠨ ᠲᠢᠩᠬᠢᠮ ︵ᠲᠣᠪᠴᠢᠶ᠎ᠠ︶᠎ ᠤᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠳᠤᠨᠤᠨ ᠠᠴᠠ ᠨᠠᠰᠢᠬᠢ ᠮᠠᠨ ᠤ ᠣᠷᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠤᠨ ᠪᠠᠶᠢᠳᠠᠯ ᠢ ᠳ᠋ᠥᠡᠭᠨᠡᠵᠦ᠂ ᠡᠨᠡ ᠵᠢᠯ ᠤᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠤᠨ ᠡᠭᠦᠷᠭᠡ ᠶᠢ ᠪᠠᠶᠢᠷᠢᠯᠠᠭᠤᠯᠵᠤ᠂ ᠮᠠᠨ ᠤ ᠣᠷᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ᠃ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠢᠦ ᠵᠢᠶᠦ᠋ᠨ ᠴᠸᠡᠭ ᠶᠠᠷᠢᠶ᠎ᠠ ᠲᠠᠯᠪᠢᠪᠠ᠃      ᠲᠢᠩᠬᠢᠮ ᠤᠨ ᠳᠡᠳ᠋ ᠳᠠᠷᠤᠭ᠎ᠠ ᠶᠢᠦ ᠵᠢᠶᠦ᠋ᠨ ᠴᠸᠡᠭ ᠡᠨᠡ ᠵᠢᠯ ᠤᠨ ᠠᠵᠢᠯ ᠳᠤ ᠲᠦᠷᠪᠡᠨ ᠲᠠᠯ᠎ᠠ ᠶᠢᠨ ᠪᠠᠶᠢᠷᠢᠯᠠᠭᠤᠯᠤᠯᠲᠠ ᠬᠢᠪᠡ᠂ ᠨᠢᠭᠡ ᠳᠤ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠪᠣᠲᠠᠲᠤ ᠳᠤ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠠᠮᠤᠷ ᠲᠦᠪᠰᠢᠨ ᠣᠷᠣᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠶᠢ ᠰᠠᠶᠢᠲᠤᠷ ᠠᠳᠬᠤᠨ᠂ ᠰᠢᠯᠭᠠᠯᠲᠠ ᠳᠤ ᠥᠴᠦᠬᠡᠨ ᠴᠦ ᠠᠯᠳᠠᠰᠢ ᠭᠠᠷᠬᠤ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠭᠤᠷᠪᠠ ᠳᠤ ᠰᠢᠯᠭᠠᠯᠲᠠ ᠶᠢ ᠴᠢᠩᠭ᠎ᠠ ᠬᠠᠮᠢᠶᠠᠷᠴᠤ᠂ ᠰᠢᠯᠭᠠᠯᠲᠠ ᠶᠢᠨ ᠬᠡᠪ ᠰᠤᠷᠲᠠᠯ ᠢ ᠲᠥᠪ ᠴᠢᠭᠡᠴᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠲᠦᠷᠪᠡ ᠳᠤ᠂ ᠬᠠᠯᠠᠭᠤᠨ ᠢᠶᠠᠷ ᠦᠢᠯᠡᠴᠢᠯᠡᠨ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠲᠣᠭᠤᠷᠢᠨ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠬᠤᠷᠠᠯ ᠳᠡᠭᠡᠷ᠎ᠡ᠂ ᠲᠥᠷᠪᠡᠨ ᠠᠶᠢᠮᠠᠭ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠡᠶᠢᠲᠡᠯᠢᠭ ᠵᠢᠱᠢᠶ᠎ᠡ ᠶᠢᠨ ᠶᠠᠷᠢᠶ᠎ᠠ ᠲᠠᠯᠪᠢᠵᠤ᠂ ᠰᠢᠯᠭᠠᠯᠲᠠ ᠶᠢᠨ ᠶᠠᠪᠤᠳᠠᠯ ᠤᠨ ᠠᠵᠢᠯ ᠤᠨ ᠲᠥᠰᠦᠯ ᠵᠡᠷᠭᠡ ᠪᠢᠴᠢᠭ ᠮᠠᠲ᠋ᠧᠷᠢᠶᠠᠯ ᠢ ᠲᠤᠭᠤᠷᠡᠳᠡᠯ᠎ᠠ ᠶᠠᠷᠢᠯᠴᠠᠵᠤ᠂ ᠪᠡᠭᠡᠵᠢᠩ᠂ ᠱᠠᠩᠬᠠᠶ᠂ ᠭᠢᠷᠢᠨ᠂ ᠳ᠋ᠠᠴᠢᠩ᠂ ᠬᠢᠩᠭᠠᠨ ᠠᠶᠢᠮᠠᠭ᠂ ᠤᠯᠠᠭᠠᠨᠬᠠᠳᠠ᠂ ᠤᠯᠠᠭᠠᠨᠴᠠᠪ᠂ ᠣᠷᠳᠣᠰ ᠵᠡᠷᠭᠡ ᠭᠠᠵᠠᠷ ᠤᠨ ᠲᠤᠷᠰᠢᠯᠭ᠎ᠠ ᠰᠣᠯᠢᠯᠴᠠᠬᠤ ᠬᠠᠷᠠᠭᠠᠨ ᠲᠠᠪᠲᠠᠮᠵᠢ ᠶᠢᠨ ᠣᠬᠤᠷ ᠺᠢᠨᠤ᠋ ᠶᠢ ᠦᠵᠡᠪᠡ᠂ ᠬᠠᠤᠯᠢ ᠴᠠᠭᠠᠵᠠ ᠶᠢᠨ ᠲᠢᠩᠬᠢᠮ ᠨᠢ 11 ᠰᠢᠯᠭᠠᠯᠲᠠ ᠶᠢᠨ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠎ ᠯᠤᠭ᠎ᠠ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠡᠯ᠎ᠡ ᠠᠶᠢᠮᠠᠭ ᠬᠤᠳᠠ ᠶᠢᠨ ᠬᠤᠪᠢᠶᠠᠨ ᠬᠠᠮᠢᠶᠠᠷᠴᠤ ᠪᠥᠬᠦᠢ ᠲᠣᠪᠴᠢᠶᠠᠨ ᠳᠠᠷᠤᠭ᠎ᠠ ᠪᠣᠯᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠵᠢᠯ ᠤᠨ ᠰᠠᠯᠠᠭ᠎ᠠ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号