2016 ᠣᠨ ᠤ ᠥᠪᠥᠷ ᠮᠣᠩᠭᠤᠯ ᠤᠨ ︽ᠶᠠᠰᠤ ᠴᠢᠨᠠᠷ ᠤᠨ ᠰᠠᠷ᠎ᠠ︾᠎ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠪᠤᠭᠤᠲᠤ ᠳᠤ ᠡᠬᠢᠯᠡᠭᠦᠯᠪᠡ
ᠨᠡᠶᠢᠲᠡᠯᠡᠭᠰᠡᠨ ᠴᠠᠭ᠄
2016/9/2
     2016 ᠣᠨ ᠤ 9 ᠳ᠋ᠦ᠋ᠭᠡᠷ ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠪᠤᠭᠤᠲᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠢᠯᠣᠭᠤᠳᠬᠤ ᠵᠦᠪᠯᠡᠯ ᠤᠨ ᠠᠯᠪᠠᠨ ᠭᠡᠷ᠂ ᠴᠢᠩᠱᠠᠨ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠴᠢᠯᠠᠨ ᠡᠷᠬᠢᠯᠡᠭᠰᠡᠨ 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ︽ᠶᠠᠰᠤ ᠴᠢᠨᠠᠷ ᠤᠨ ᠰᠠᠷ᠎ᠠ︾᠎ ᠶᠢᠨ ᠤᠬᠠᠭᠤᠯᠭ᠎ᠠ ᠶᠢᠨ ᠠᠵᠢᠯᠯᠠᠭᠠᠨ ᠤ ᠡᠬᠢᠯᠡᠯᠲᠡ ᠶᠢᠨ ᠶᠣᠰᠣᠯᠠᠯ ᠢ ᠪᠤᠭᠤᠲᠤ ᠬᠤᠲᠠ ᠶᠢᠨ ᠵᠧᠩ ᠰᠢᠶᠠᠩ ᠭᠦᠸᠧ ᠵᠢᠢ ᠶᠢᠨ ᠡᠭᠦᠳᠡᠨ ᠡᠮᠦᠨᠡᠬᠢ ᠲᠠᠯᠠᠪᠠᠶ ᠳᠤ ᠶᠠᠪᠤᠭᠳᠠᠪᠠ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠡᠦ ᠯᠦ ᠰᠢ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠶᠧ ᠸᠧᠢ ᠪᠢᠩ ᠡᠬᠢᠯᠡᠯᠲᠡ ᠶᠢᠨ ᠶᠣᠰᠣᠯᠠᠯ ᠳᠤ ᠤᠷᠤᠯᠴᠠᠪᠠ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠪᠤᠭᠤᠲᠤ ᠬᠤᠲᠠ ᠶᠢᠨ ᠶᠠᠰᠤ ᠴᠢᠨᠠᠷ ᠤᠨ ᠬᠦᠴᠦᠷᠬᠡᠭ ᠬᠤᠲᠠ ᠶᠢ ᠪᠠᠶᠢᠭᠤᠯᠬᠤ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠪᠤᠭᠤᠲᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠪᠤᠭᠤᠲᠤ ᠶᠢᠨ ᠪᠤᠯᠤᠳ ᠲᠡᠮᠤᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠤᠮᠠᠷᠠᠲᠤ ᠣᠷᠣᠨ ᠤ ᠰᠢᠲᠠᠭᠠᠯᠭ᠎ᠠ ᠲᠣᠨᠤᠭ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠲᠥᠪ ᠤᠨ ᠪᠠ ᠥᠪᠥᠷ ᠮᠣᠩᠭᠤᠯ ᠤᠨ ᠪᠣᠭᠤᠲᠣ ᠳᠤ ᠰᠠᠭᠤᠭ᠎ᠠ ᠳᠠᠭᠠᠭᠠᠴᠢᠯᠠᠯᠲᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠤᠭᠤᠲᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠢᠳᠡᠭᠡᠨ ᠪᠣᠯᠤᠨ ᠡᠮ ᠤᠨ ᠵᠦᠢᠯ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠵᠦᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠡᠷᠬᠡ ᠲᠤᠰᠢᠶᠡᠯᠳᠦ ᠰᠠᠯᠠᠭ᠎ᠠ ᠮᠥᠴᠢᠷ ᠪᠣᠯᠤᠨ ᠬᠤᠳᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ 300 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠶᠠᠰᠤ ᠴᠢᠨᠠᠷ ᠤᠨ ᠭᠠᠵᠠᠷ ᠤᠨ ᠳᠠᠷᠤᠭ᠎ᠠ ᠯᠢᠦ ᠶᠦᠩ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ︿ᠶᠠᠰᠤ ᠴᠢᠨᠠᠷ ᠤᠨ ᠰᠠᠷ᠎ᠠ﹀᠎ ᠶᠢᠨ ᠠᠵᠢᠯᠯᠠᠭᠠᠨ ᠤ ᠲᠥᠰᠦᠯ︾᠎ ᠢ ᠤᠩᠰᠢᠵᠤ᠂ ᠪᠤᠭᠤᠲᠤ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠠᠷᠤᠭ᠎ᠠ ᠶᠤᠸᠠᠨ ᠬᠤᠩ ᡁᠢ ︽ᠪᠤᠭᠤᠲᠤ ᠬᠤᠳᠠ ᠶᠢᠨ 2016 ᠣᠨ ᠤ ︿ᠶᠠᠰᠤ ᠴᠢᠨᠠᠷ ᠤᠨ ᠰᠠᠷ᠎ᠠ﹀᠎ ᠶᠢᠨ ᠠᠵᠢᠯᠯᠠᠭᠠᠨ ᠤ ᠲᠥᠰᠦᠯ ︾᠎ ᠢ ᠤᠩᠰᠢᠵᠤ᠂ ᠪᠤᠭᠤᠲᠤ ᠬᠤᠳᠠ ᠳᠠᠬᠢ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠤᠮᠠᠷᠠᠲᠤ ᠣᠷᠣᠨ ᠤ ᠰᠢᠲᠠᠭᠠᠯᠭ᠎ᠠ ᠲᠣᠨᠤᠭ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠰᠢᠶᠤᠤ ᠸᠧᠢ ᠶᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠶᠠᠷᠢᠶ᠎ᠠ ᠲᠠᠯᠪᠢᠪᠠ᠃      ᠡᠨᠡ ᠵᠢᠯ ᠤᠨ ︽ᠶᠠᠰᠤ ᠴᠢᠨᠠᠷ ᠤᠨ ᠰᠠᠷ᠎ᠠ︾᠎ ᠶᠢᠨ ᠠᠵᠢᠯᠯᠠᠭ᠎ᠠ ᠳᠤ ᠭᠤᠣᠯᠳᠠᠭᠤ ᠲᠠᠪᠤᠨ ᠲᠠᠯ᠎ᠠ ᠶᠢᠨ ᠠᠭᠤᠯᠭ᠎ᠠ ᠪᠠᠭᠲᠠᠨ᠎ᠠ᠃ ᠨᠢᠭᠡ ᠳᠤ ᠶᠠᠰᠤ ᠴᠢᠨᠠᠷ ᠪᠣᠯᠤᠨ ᠲᠦᠷᠦᠯ ᠲᠡᠮᠳᠡᠭᠲᠦ ᠶᠢ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠵᠦ᠂ ᠦᠢᠯᠡᠳᠬᠦᠨ ᠪᠣᠯᠤᠨ ᠦᠢᠯᠡᠴᠢᠯᠡᠭᠡ ᠶᠢᠨ ᠬᠠᠩᠭᠠᠯᠭ᠎ᠠ ᠶᠢ ᠰᠠᠶᠢᠵᠢᠷᠠᠭᠤᠯᠤᠨ᠎ᠠ᠃ ᠰᠤᠷᠤᠭᠴᠢ ᠶᠢᠨ ᠰᠤᠷᠭᠠᠭᠤᠯᠢ ᠶᠢᠨ ᠳᠦᠷᠢᠮᠲᠦ ᠬᠤᠪᠴᠠᠰᠤ᠂ ᠨᠢᠯᠬ᠎ᠠ ᠬᠡᠦᠬᠡᠳ ᠤᠨ ᠬᠤᠪᠴᠠᠰᠤ᠂ ᠲᠣᠭᠯᠠᠭᠠᠮ ᠤᠨ ᠲᠦᠷᠦᠯ ᠤᠨ ᠦᠢᠯᠡᠳᠬᠦᠨ᠂ ᠨᠣᠯᠤᠤᠷ ᠤᠨ ᠪᠦᠲᠦᠭᠡᠭᠳᠡᠬᠦᠨ᠂ ᠠᠷᠢᠭᠤᠨ ᠴᠡᠪᠡᠷ ᠤᠨ ᠴᠠᠭᠠᠰᠤ᠂ ᠮᠣᠳᠣᠨ ᠬᠡᠷᠡᠭᠰᠡᠯ᠂ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠬᠦᠨ᠂ ᠰᠢᠩᠭᠡᠨᠵᠢᠮᠡᠯ ᠴᠢᠯᠠᠭᠤᠨ ᠲᠤᠰᠦᠠ ᠭᠡᠢ ᠵᠡᠷᠭᠡ 8 ᠲᠥᠷᠥᠯ ᠤᠨ ᠬᠡᠷᠡᠭᠯᠡᠭᠡᠨ ᠤ ᠵᠦᠢᠯ ᠢᠶᠠᠷ ᠭᠤᠣᠯᠳᠠᠯᠭ᠎ᠠ ᠪᠣᠯᠭᠠᠵᠤ᠂ ᠬᠡᠷᠡᠭᠯᠡᠭᠡᠨ ᠤ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠰᠢᠪᠲᠤᠯᠤᠯᠲᠠ ᠬᠢᠵᠦ᠂ ᠴᠢᠨᠠᠷ ᠰᠠᠶᠢᠲᠠᠢ ᠬᠡᠷᠡᠭᠯᠡᠭᠡᠨ ᠤ ᠵᠦᠢᠯ ᠤᠨ ᠲᠦᠷᠦᠯ ᠲᠡᠮᠳᠡᠭᠲᠦ ᠶᠢ ᠪᠣᠢ ᠪᠣᠯᠭᠠᠨ᠎ᠠ᠃      ᠬᠤᠶᠠᠷ ᠲᠤ ᠶᠠᠰᠤ ᠴᠢᠨᠠᠷ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠴᠢᠬᠤᠯᠠ ᠶᠡᠭᠡ ᠶᠠᠰᠤ ᠴᠢᠨᠠᠷ ᠤᠨ ᠠᠰᠠᠭᠤᠳᠠᠯ ᠢ ᠰᠢᠢᠳᠪᠦᠷᠢᠯᠡᠨ᠎ᠡ᠃ ᠬᠢᠨᠠᠯᠲᠠ ᠲᠠᠯᠪᠢᠵᠤ ᠰᠤᠭᠤᠴᠠᠨ ᠪᠠᠶᠢᠴᠠᠭᠠᠬᠤ᠂ ᠬᠠᠤᠯᠢ ᠬᠡᠷᠡᠭᠵᠢᠭᠦᠯᠬᠦ ᠬᠠᠭᠤᠷᠴᠤ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ᠂ ᠲᠥᠪᠯᠡᠷᠡᠭᠦᠯᠵᠦ ᠪᠠᠶᠢᠭᠠᠳ ᠴᠡᠭᠴᠡᠯᠡᠨ ᠵᠠᠰᠠᠬᠤ᠂ ᠵᠡᠷᠡᠮᠳᠡᠭ ᠦᠢᠯᠡᠳᠬᠦᠨ ᠢ ᠡᠭᠡᠭᠦᠯᠦᠨ ᠪᠤᠴᠠᠭᠠᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠶᠠᠰᠤ ᠴᠢᠨᠠᠷ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠷᠢᠮᠳᠠᠯᠠᠨ᠂ ᠤᠯᠠᠨ ᠲᠦᠮᠡᠨ ᠤ ᠡᠷᠡᠭᠦᠯ ᠮᠡᠨᠳᠤ ᠠᠮᠤᠷ ᠲᠦᠪᠰᠢᠨ ᠪᠣᠯᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃      ᠭᠤᠷᠪᠠ ᠳᠤ ᠶᠠᠰᠤ ᠴᠢᠨᠠᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠶᠠᠰᠤ ᠴᠢᠨᠠᠷ ᠢ ᠡᠷᠬᠢᠮᠯᠡᠬᠦ ᠥᠷᠲᠡᠭ ᠤᠨ ᠤᠳᠤᠷᠢᠳᠤᠮᠵᠢ ᠶᠢ ᠪᠤᠢ ᠪᠣᠯᠭᠠᠨ᠎ᠠ᠃ ᠶᠠᠰᠤ ᠴᠢᠨᠠᠷ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠶᠠᠰᠤ ᠴᠢᠨᠠᠷ ᠤᠨ ᠦᠯᠢᠭᠡᠷ ᠢ ᠤᠯᠠᠮᠵᠢᠯᠠᠨ ᠲᠠᠷᠬᠠᠭᠠᠵᠦ᠂ ᠶᠠᠰᠤ ᠴᠢᠨᠠᠷ ᠤᠨ ᠠᠶᠠᠰ ᠢ ᠬᠠᠩᠭᠢᠨᠠᠭᠤᠯᠤᠨ ᠴᠤᠤᠷᠢᠶᠠᠲᠤᠭᠤᠯᠵᠤ᠂ ᠰᠢᠯᠢᠳᠡᠭ ᠢ ᠬᠦᠭᠡᠭᠡᠴᠡᠯᠳᠦᠨ᠂ ᠶᠠᠰᠤ ᠴᠢᠨᠠᠷ ᠢ ᠡᠷᠬᠢᠮᠯᠡᠬᠦ ᠥᠷᠲᠡᠭ ᠤᠨ ᠤᠳᠤᠷᠢᠳᠤᠮᠵᠢ ᠪᠣᠯᠤᠨ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠮᠡᠳᠡᠭᠡ ᠵᠠᠩᠭᠢ ᠶᠢᠨ ᠲᠣᠣᠷ ᠰᠦᠯᠵᠢᠶ᠎ᠡ᠂ ᠰᠢᠯᠵᠢᠮᠡᠯ ᠤᠲᠠᠰᠤᠨ ᠤ ᠬᠡᠷᠡᠭᠯᠡᠭᠴᠢᠳ ᠤᠨ ᠦᠵᠦᠭᠦᠷ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠭᠦᠢᠴᠡᠳ ᠠᠰᠢᠭᠯᠠᠵᠤ ᠪᠠᠶᠢᠭᠠᠳ ᠪᠦᠬᠦ ᠤᠯᠤᠰ ᠤᠨ ︽ᠶᠠᠰᠤ ᠴᠢᠨᠠᠷ ᠤᠨ ᠰᠠᠷ᠎ᠠ︾᠎ ᠶᠢᠨ ᠠᠵᠢᠯᠯᠠᠭᠠᠨ ᠤ ᠮᠡᠳᠡᠭᠡ ᠵᠠᠩᠭᠢ ᠶᠢ ᠥᠷᠭᠡᠨ ᠳᠡᠯᠭᠡᠷ ᠰᠣᠯᠢᠯᠴᠠᠬᠤ ᠪᠠ ᠴᠠᠭ ᠲᠤᠬᠠᠶ ᠳᠤᠨᠢ ᠤᠬᠠᠭᠤᠯᠬᠤ ᠶᠢ ᠲᠦᠯᠬᠢᠨ ᠠᠬᠢᠭᠤᠯᠤᠨ᠎ᠠ᠃      ᠲᠦᠷᠪᠡ ᠳᠤ ᠤᠯᠠᠨ ᠲᠦᠮᠡᠨᠴᠢ ᠴᠢᠨᠠᠷᠲᠠᠶ ᠶᠠᠰᠤ ᠴᠢᠨᠠᠷ ᠤᠨ ᠠᠵᠢᠯᠯᠠᠭ᠎ᠠ ᠥᠷᠨᠢᠭᠦᠯᠵᠦ᠂ ᠪᠦᠬᠦ ᠠᠷᠠᠳ ᠤᠨ ᠶᠠᠰᠤ ᠴᠢᠨᠠᠷ ᠤᠨ ᠦᠵᠡᠯ ᠤᠬᠠᠮᠰᠠᠷ ᠢ ᠨᠡᠮᠡᠭᠳᠡᠭᠦᠯᠦᠨ᠎ᠡ᠃ ᠶᠠᠰᠤ ᠴᠢᠨᠠᠷ ᠢ ᠰᠠᠶᠢᠵᠢᠷᠠᠭᠤᠯᠬᠤ᠂ ᠶᠠᠰᠤ ᠴᠢᠨᠠᠷ ᠤᠨ ᠪᠡᠷᠬᠡ ᠰᠡᠳᠦᠪ ᠢ ᠰᠢᠢᠳᠪᠦᠷᠢᠯᠡᠬᠦ᠂ ᠮᠡᠷᠭᠡᠵᠢᠯ ᠤᠨ ᠲᠠᠯ᠎ᠠ ᠪᠠᠷ ᠮᠥᠷᠦ᠋ᠢᠴᠡᠬᠦ᠂ ᠶᠠᠰᠤ ᠴᠢᠨᠠᠷ ᠢ ᠡᠵᠡᠮᠳᠡᠬᠦ ᠪᠠᠭ᠎ᠠ ᠳᠤᠭᠤᠶᠢᠯᠠᠩ ᠵᠡᠷᠭᠡ ᠤᠯᠠᠨ ᠲᠦᠮᠡᠨᠴᠢ ᠴᠢᠨᠠᠷᠲᠠᠶ ᠶᠠᠰᠤ ᠴᠢᠨᠠᠷ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠦᠨᠳᠦᠰᠦᠨ ᠱᠠᠲᠤᠨ ᠳᠤ ᠶᠠᠰᠤ ᠴᠢᠨᠠᠷ ᠤᠨ ᠮᠡᠳᠡᠯᠭᠡ ᠶᠢ ᠲᠦᠭᠡᠮᠡᠯᠵᠢᠭᠦᠯᠦᠨ᠂ ᠶᠠᠰᠤ ᠴᠢᠨᠠᠷ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠲᠡᠷᠢᠭᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠳᠡᠯᠭᠡᠷᠡᠭᠦᠯᠦᠨ᠎ᠡ᠃      ᠲᠠᠪᠤ ᠳᠤ ᠳᠠᠷᠬᠠᠳ ᠤᠨ ᠵᠣᠷᠢᠭ ᠰᠠᠨᠠᠭ᠎ᠠ ᠶᠢ ᠪᠤᠶᠢᠵᠢᠭᠤᠯᠵᠤ᠂ ᠨᠡᠢᠭᠡᠮ ᠳᠠᠶᠠᠭᠠᠷ ᠤᠨ ᠶᠠᠰᠤ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠶᠠᠰᠤ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠶᠠᠰᠤ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠦᠨ᠎ᠡ᠃ ᠨᠡᠶᠢᠭᠡᠮ ᠳᠠᠶᠠᠭᠠᠷ ᠢ ᠲᠠᠶᠢᠴᠢᠯᠡᠡ ᠶᠠᠰᠤ ᠴᠢᠨᠠᠷ ᠤᠨ ᠮᠡᠷᠭᠡᠵᠢᠯ ᠤᠨ ᠴᠢᠳᠠᠪᠤᠷᠢᠲᠠᠨ᠂ ᠳᠠᠷᠬᠠᠨ ᠤᠷᠠᠴᠤᠳ ᠠᠴᠠ ᠰᠤᠷᠤᠯᠴᠠᠵᠤ ᠂ ᠰᠢᠯᠢᠳᠡᠭ ᠢ ᠬᠥᠭᠡᠭᠡᠴᠡᠯᠳᠦᠬᠦ ᠶᠠᠰᠤ ᠴᠢᠨᠠᠷ ᠤᠨ ᠵᠣᠷᠢᠭ ᠰᠠᠨᠠᠭ᠎ᠠ ᠪᠣᠯᠤᠨ ᠰᠣᠶᠣᠯ ᠢ ᠪᠠᠳᠠᠷᠠᠭᠤᠯᠤᠨ᠎ᠠ᠃      2016 ᠣᠨ ᠤ ︽ᠶᠠᠰᠤ ᠴᠢᠨᠠᠷ ᠤᠨ ᠰᠠᠷ᠎ᠠ︾᠎ ᠶᠢᠨ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠠᠰᠤ ᠴᠢᠨᠠᠷ ᠢ ᠳᠡᠭᠡᠭᠰᠢᠯᠡᠭᠦᠯᠬᠦ᠂ ᠶᠠᠰᠤ ᠴᠢᠨᠠᠷ ᠢ ᠴᠡᠭᠴᠡᠯᠡᠨ ᠵᠠᠰᠠᠬᠤ᠂ ᠶᠠᠰᠤ ᠴᠢᠨᠠᠷ ᠢ ᠤᠬᠠᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠨᠡᠩ ᠣᠯᠠᠨ ᠬᠦᠮᠦᠰ ᠢ ᠶᠠᠰᠤ ᠴᠢᠨᠠᠷ ᠤᠨ ᠠᠵᠢᠯᠯᠠᠭ᠎ᠠ ᠳᠤ ᠤᠷᠤᠯᠴᠠᠭᠤᠯᠵᠤ᠂ ᠬᠥᠮᠦᠨ ᠪᠦᠭᠦᠨ ᠶᠠᠰᠤ ᠴᠢᠨᠠᠷ ᠢ ᠠᠩᠬᠠᠷᠴᠤ᠂ ᠬᠥᠮᠦᠨ ᠪᠥᠬᠦᠨ ᠶᠠᠰᠤ ᠴᠢᠨᠠᠷ ᠤᠨ ᠪᠦᠳᠦᠭᠡᠨ ᠪᠠᠶᠢᠭᠤᠯᠤᠯᠲᠠ ᠳᠤ ᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠶᠠᠰᠤ ᠴᠢᠨᠠᠷ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ ᠬᠤᠪᠢ ᠨᠡᠮᠡᠷᠢ ᠪᠠᠨ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号