8 ᠳ᠋ᠤᠭᠠᠷ ᠰᠠᠷ᠎ᠠ ᠶᠢᠨ 30 ᠠᠴᠠ 9 ᠳ᠋ᠤᠭᠠᠷ ᠰᠠᠷ᠎ᠠ ᠶᠢᠨ 1 ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠪᠦᠬᠦ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠠᠵᠥ ᠦᠢᠯᠡᠰᠵᠢᠯᠳᠡ ᠶᠢᠨ ᠠᠵᠢᠯ ᠤᠨ | ᠲᠤᠬᠠᠢ ᠶᠢᠨ ᠭᠠᠵᠠᠷ ᠤᠨ ᠬᠤᠷᠠᠯ ᠬᠤᠷᠠᠯᠳᠤᠭᠤᠯᠵᠥ᠂ ︽12·5︾ ᠶᠢᠨ ᠲᠥᠯᠥᠪᠵᠢᠭᠦᠯᠭᠡ ᠶᠢᠨ ᠪᠦᠬᠦ | ᠤᠷᠤᠨ ᠤ ᠠᠵᠥ ᠦᠢᠯᠡᠰᠵᠢᠯᠳᠡ ᠶᠢᠨ ᠬᠦᠭᠵᠢᠯᠳᠡ ᠳᠤ ᠤᠯᠤᠭᠰᠠᠠ ᠠᠮᠵᠢᠯᠳᠠ ᠶᠢ ᠳ᠋ᠦᠩᠨᠡᠵᠥ᠂ ᠤᠳᠤᠬᠠᠨ ᠳᠤ | ᠲᠤᠯᠭᠠᠷᠠᠵᠥ ᠪᠠᠶᠢᠭ᠎ᠠ ᠪᠠᠶᠢᠳᠠᠯ ᠳᠤ ᠵᠠᠳᠠᠯᠤᠯᠳᠡ ᠬᠢᠵᠥ᠂ ᠰᠢᠨ᠎ᠡ ᠪᠠᠶᠢᠳᠠᠯ ᠲᠤᠤᠷᠠᠬᠢ ᠠᠵᠥ ᠦᠢᠯᠡᠰᠵᠢᠯᠳᠡ ᠶᠢᠨ | ᠬᠦᠭᠵᠢᠯᠳᠡ ᠶᠢ ᠠᠬᠢᠭᠤᠯᠬᠤ ᠰᠡᠳᠬᠢᠮᠵᠢ ᠠᠷᠭ᠎ᠠ ᠬᠡᠮᠵᠢᠶ᠎ᠡ ᠶᠢ ᠰᠤᠳᠤᠯᠤᠭᠰᠠᠠ ᠪᠦᠭᠡᠳ ᠤᠳᠤᠬᠠᠨ ᠤ | ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠲᠤᠬᠢᠷᠠᠭᠤᠯᠤᠯᠳᠡ ᠬᠢᠪᠡ᠃ ᠬᠤᠷᠠᠯ ᠳᠤ ᠤᠷᠤᠯᠴᠠᠭᠰᠠᠠ | ᠲᠦᠯᠥᠭᠡᠯᠡᠭᠴᠢᠳ ᠪᠠᠶᠠᠨᠨᠠᠭᠤᠷ ᠬᠤᠳᠠ ᠶᠢᠨ ᠦᠶᠤᠸᠠᠨ ᠰᠢᠶᠠᠨ᠂ ᠪᠤᠭᠤᠳᠤ ᠬᠤᠳᠠ ᠶᠢᠨ ᠠᠵᠥ ᠦᠢᠯᠡᠰᠵᠢᠭᠰᠡᠡ | ᠭᠤᠤᠯᠳᠠᠯᠭ᠎ᠠ ᠲᠠᠢ ᠠᠵᠥ ᠠᠬᠤᠢᠢᠯᠠᠯ ᠢ ᠲᠤᠭᠤᠷᠢᠨ ᠦᠵᠡᠵᠥ᠂ ᠠᠵᠥ ᠦᠢᠯᠡᠰᠵᠢᠯᠳᠡ ᠶᠢᠨ ᠬᠦᠭᠵᠢᠯᠳᠡ ᠶᠢ | ᠠᠬᠢᠭᠤᠯᠤᠭᠰᠠᠠ ᠠᠷᠭ᠎ᠠ ᠪᠤᠯᠤᠨ ᠲᠤᠷᠰᠢᠯᠭ᠎ᠠ ᠪᠠᠨ ᠰᠤᠯᠢᠯᠴᠠᠪᠠ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠵᠥ ᠶᠠᠷᠢᠶ᠎ᠠ | ᠲᠠᠯᠪᠢᠪᠠ᠃ | ᠬᠤᠷᠠᠯ ᠠᠴᠠ ᠵᠢᠭᠠᠵᠦ ᠭᠠᠷᠭᠠᠬᠰᠠᠨ ᠨᠢ᠂ ︽12·5︾ ᠶᠢᠨ ᠲᠥᠯᠥᠪᠵᠢᠭᠦᠯᠭᠡ ᠠᠴᠠ ᠨᠠᠰᠢ᠂ ᠮᠠᠨ ᠤ | ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠠᠵᠥ ᠦᠢᠯᠡᠰᠵᠢᠯᠳᠡ ᠤᠷᠢᠳ ᠡᠮᠤᠨ᠎ᠡ ᠪᠠᠶᠢᠭ᠎ᠠ ᠦᠭᠡᠢ ᠬᠦᠭᠵᠢᠵᠥ᠂ | ᠠᠵᠥ ᠦᠢᠯᠡᠰ ᠤᠨ ᠬᠡᠪᠴᠢᠶ᠎ᠡ ᠲᠠᠰᠤᠷᠠᠯᠳᠡ ᠦᠭᠡᠢ ᠦᠷᠭᠡᠵᠢᠵᠥ᠂ ᠬᠦᠭᠵᠢᠯᠳᠡ ᠶᠢᠨ ᠲᠡᠰ ᠶᠡᠬᠡᠪᠡᠷ ᠲᠡᠪᠰᠢᠵᠦ᠂ | ᠵᠤᠬᠢᠶᠠᠨ ᠪᠠᠶᠢᠭᠤᠯᠤᠭᠰᠠᠠ ᠬᠡᠮᠵᠢᠶ᠎ᠡ ᠢᠯᠡᠳᠳᠡ ᠲᠡᠭᠡᠭᠰᠢᠯᠡᠵᠥ᠂ ᠨᠦᠯᠥᠬᠡᠯᠡᠨ ᠲᠠᠶᠢᠴᠢᠯᠠᠬᠤ ᠴᠢᠳᠠᠪᠤᠷᠢ ᠮᠡᠳᠡᠭᠳᠡᠮ᠎ᠡ | ᠴᠢᠩᠭᠠᠷᠠᠵᠥ᠂ ᠪᠦᠬᠦ ᠤᠷᠤᠨ ᠤ 213.6 ᠲᠦᠮᠡᠨ ᠮᠠᠯᠴᠢᠨ ᠲᠠᠷᠢᠶᠠᠴᠢᠨ ᠡᠷᠦᠬᠡ ᠠᠵᠥ ᠦᠢᠯᠡᠰᠵᠢᠬᠦᠯᠥᠨ | ᠡᠵᠡᠩᠨᠡᠬᠦ ᠬᠡᠯᠬᠢᠶ᠎ᠡ ᠳᠤ ᠤᠷᠤᠵᠥ᠂ ᠮᠠᠯᠴᠢᠨ ᠲᠠᠷᠢᠶᠠᠴᠢᠨ ᠤ ᠠᠵᠥ ᠦᠢᠯᠡᠰᠵᠢᠭᠰᠡᠡ ᠡᠵᠡᠩᠨᠡᠯᠳᠡ ᠠᠴᠠ ᠤᠯᠤᠭᠰᠠᠠ | ᠬᠦᠮᠥᠨ ᠲᠤᠮᠳᠠᠴᠢ ᠶᠢᠨ ᠴᠡᠪᠡᠷ ᠤᠷᠤᠯᠭ᠎ᠠ 4829 ᠲᠦᠬᠦᠷᠢᠭ ᠲᠤ ᠬᠦᠷᠴᠦ᠂ ᠮᠠᠯᠴᠢᠨ ᠲᠠᠷᠢᠶᠠᠴᠢᠨ ᠤ ᠬᠦᠮᠥᠨ | ᠲᠤᠮᠳᠠᠴᠢ ᠶᠢᠨ ᠡᠵᠡᠮᠳᠡᠵᠥ ᠪᠤᠯᠬᠤ ᠤᠷᠤᠯᠭ᠎ᠠ ᠶᠢᠨ 44.8% ᠶᠢ ᠡᠵᠡᠯᠡᠪᠡ᠃ ᠲᠠᠷᠢᠶᠠᠯᠠᠩ ᠮᠠᠯ ᠠᠵᠦ ᠠᠬᠤᠢ ᠶᠢᠨ | ᠠᠵᠥ ᠦᠢᠯᠡᠰᠵᠢᠯᠳᠡ ᠶᠢᠨ ᠨᠡᠯᠢᠶᠡᠳ ᠲᠦᠷᠭᠡᠨ ᠬᠦᠭᠵᠢᠯᠳᠡ ᠨᠢ ᠲᠠᠷᠢᠶᠠᠯᠠᠩ ᠮᠠᠯ ᠠᠵᠦ ᠠᠬᠤᠢ ᠶᠢᠨ | ᠤᠳᠤᠬᠢᠴᠢᠯᠠᠯᠳᠡ ᠶᠢ ᠬᠦᠴᠦᠳᠡᠢ ᠠᠬᠢᠭᠤᠯᠵᠥ᠂ ᠪᠦᠬᠦ ᠤᠷᠤᠨ ᠤ ᠠᠵᠥ ᠠᠬᠤᠢ ᠶᠢᠨ ᠦᠷᠬᠦᠯᠵᠢᠯᠡᠨ ᠲᠤᠭᠳᠠᠭᠤᠨ | ᠡᠷᠡᠬᠦᠯ ᠢᠶᠠᠷ ᠬᠦᠭᠵᠢᠬᠦ ᠶᠢ ᠠᠬᠢᠭᠤᠯᠬᠤ ᠳᠤ ᠢᠳᠡᠪᠬᠢᠳᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠬᠡᠪᠠ᠃ | ᠬᠤᠷᠠᠯ ᠠᠴᠠ ᠴᠢᠬᠤᠯᠠᠴᠢᠯᠠᠬᠰᠠᠨ ᠨᠢ᠂ ᠵᠠᠬ᠎ᠠ ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ | ᠪᠤᠯᠤᠨ ᠠᠵᠦ ᠦᠢᠯᠡᠰ ᠤᠨ ᠬᠦᠭᠵᠢᠯᠲᠡ ᠶᠢᠨ ᠦᠷᠢᠰᠦᠯᠳᠦᠭᠡᠨ ᠤ ᠬᠤᠷᠴᠠᠳᠤᠯ ᠢ ᠲᠠᠭᠠᠯᠳᠤᠨ᠂ ᠮᠠᠨ ᠤ ᠤᠷᠤᠨ ᠤ | ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰᠵᠢᠯᠲᠡ ᠶᠢᠨ ᠬᠦᠭᠵᠢᠯᠲᠡ ᠳᠤ ᠰᠢᠷᠦᠭᠦᠨ ᠦᠷᠢᠰᠦᠯᠳᠦᠭᠡᠨ | ᠪᠤᠯᠤᠨ ᠬᠠᠲᠠᠭᠤ ᠰᠢᠯᠭᠠᠯᠲᠠ ᠲᠤᠯᠭᠠᠷᠠᠵᠦ ᠪᠤᠢ᠃ ᠡᠯ᠎ᠡ ᠭᠠᠵᠠᠷ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠡᠭᠦᠨ ᠳᠤ ᠰᠡᠷᠭᠡᠭ ᠲᠠᠨᠢᠯᠲᠠ ᠲᠠᠢ ᠪᠠᠶᠢᠬᠤ ᠬᠡᠷᠡᠭᠲᠠᠢ᠂ ᠲᠠᠷᠢᠶᠠᠯᠠᠩ ᠮᠠᠯ ᠠᠵᠦ ᠠᠬᠤᠢ ᠶᠢᠨ ᠬᠠᠨᠭ᠍ᠭᠠᠯᠠᠭᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠲᠠᠷᠢᠶᠠᠯᠠᠩ ᠮᠠᠯ ᠠᠵᠦ | ᠠᠬᠤᠢ ᠶᠢᠨ ᠠᠵᠦ ᠦᠯᠡᠰᠵᠢᠯᠲᠡ ᠶᠢᠨ ᠬᠦᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠨ | ᠬᠢᠬᠦ ᠬᠡᠷᠡᠭᠲᠠᠢ᠃ ᠵᠠᠬ᠎ᠠ ᠲᠡᠯᠭᠡᠬᠦᠷ ᠢ ᠵᠦᠪ ᠤᠨᠢᠯᠠᠵᠦ ᠲᠠᠷᠢᠵᠦ ᠲᠡᠵᠢᠭᠡᠬᠦ ᠠᠵᠢᠯ ᠲᠦᠷᠦᠯ ᠤᠨ ᠪᠦᠲᠦᠴᠡ ᠶᠢ | ᠲᠤᠬᠢᠷᠠᠭᠤᠯᠤᠨ ᠰᠢᠯᠢᠳᠡᠭᠵᠢᠬᠦᠯᠵᠦ᠂ ᠪᠤᠷᠤᠯᠠᠭᠤᠯᠭ᠎ᠠ ᠰᠠᠶᠢᠲᠠᠢ ᠮᠠᠯ ᠤᠨ ᠠᠰᠢᠬ ᠰᠢᠮ᠎ᠠ ᠲᠠᠷᠢᠶᠠᠯᠠᠩ ᠤᠨ | ᠪᠦᠲᠦᠭᠡᠭᠳᠡᠬᠦᠨ ᠢ ᠦᠢᠯᠡᠳᠪᠤᠷᠢᠯᠡᠬᠦ ᠬᠡᠷᠡᠭᠲᠠᠢ︔ ᠬᠡᠷᠡᠭᠯᠡᠭᠡᠨ ᠤ ᠪᠦᠲᠦᠴᠡ ᠶᠢᠨ ᠲᠡᠰ ᠲᠡᠪᠰᠢᠬᠦ ᠲᠤᠯᠭᠠᠮ᠎ᠠ | ᠬᠡᠷᠡᠭᠴᠡᠭᠡ ᠱᠠᠭᠠᠷᠳᠠᠯᠭ᠎ᠠ ᠲᠠᠢ ᠵᠤᠬᠢᠴᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢ | ᠴᠢᠩᠭᠠᠷᠠᠭᠤᠯᠵᠦ᠂ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠢᠯ ᠢ | ᠪᠤᠵᠠᠭᠠᠢᠢᠷᠠᠭᠤᠯᠵᠦ ᠨᠠᠷᠢᠯᠢᠬᠵᠢᠭᠤᠯᠵᠦ ᠰᠢᠯᠢᠳᠡᠭᠵᠢᠬᠦᠯᠬᠦ ᠬᠡᠷᠡᠭᠲᠠᠢ ᠭᠡᠵᠠᠢ᠃ | ᠬᠤᠷᠠᠯ ᠠᠴᠠ ᠱᠠᠭᠠᠷᠳᠠᠬᠰᠠᠨ ᠨᠢ᠂ ᠡᠯ᠎ᠡ ᠭᠠᠵᠠᠷ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰᠵᠢᠯᠲᠡ ᠶᠢᠨ ᠠᠵᠢᠯ ᠤᠨ ᠵᠤᠬᠢᠶᠠᠨ ᠪᠠᠶᠢᠭᠤᠯᠵᠦ ᠤᠳᠤᠷᠢᠳᠬᠤ | ᠪᠠ ᠲᠦᠯᠦᠪᠵᠢᠬᠦᠯᠦᠨ ᠬᠦᠲᠦᠯᠵᠦ ᠵᠢᠯᠤᠭᠤᠳᠬᠤ ᠠᠵᠢᠯ ᠢ ᠦᠨᠡᠨᠬᠦ ᠴᠢᠩᠭᠠᠳᠬᠠᠵᠦ᠂ ᠮᠦᠡᠭᠭᠦᠨ ᠬᠦᠢᠯᠭᠡᠭᠡ ᠶᠢᠨ | ᠲᠡᠮᠵᠢᠯᠭᠡ ᠶᠢ ᠤᠯᠠᠮ ᠴᠢᠩᠭᠠᠷᠠᠭᠤᠯᠵᠦ᠂ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠂ ᠤᠯᠤᠰ ᠪᠤᠯᠤᠨ | ᠥᠪᠡᠷᠳᠡᠭᠡᠨ ᠵᠠᠰᠠᠬᠤ ᠤᠷᠤᠨ ᠤ ᠠᠵᠦ ᠦᠢᠯᠡᠰᠵᠢᠯᠲᠡ ᠶᠢᠨ ᠬᠦᠭᠵᠢᠯᠲᠡ ᠶᠢ ᠲᠡᠳᠬᠦᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠮᠠᠯᠵᠢᠬᠤ ᠲᠠᠷᠢᠶᠠᠯᠠᠬᠤ ᠤᠷᠤᠨ ᠤ | ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠵᠦ ᠦᠯᠡᠰᠵᠢᠯᠲᠡ ᠶᠢᠨ | ᠬᠦᠭᠵᠢᠯᠲᠡ ᠶᠢ ᠠᠬᠢᠭᠤᠯᠬᠤ ᠳᠤ ᠬᠦᠴᠦᠲᠠᠢ ᠪᠠᠲᠤᠯᠠᠭ᠎ᠠ ᠬᠠᠨᠭ᠍ᠭᠠᠬᠤ ᠬᠡᠷᠡᠭᠲᠠᠢ ᠭᠡᠵᠠᠢ᠃ |