ᠥᠪᠥᠷ ᠮᠣᠩᠭᠤᠯ ᠭᠡᠷ ᠨᠤᠲᠤᠭ ᠲᠤ ᠪᠠᠨ ᠦᠯᠡᠳᠡᠵᠤ ᠬᠤᠴᠣᠷᠤᠭᠰᠠᠨ ᠬᠡᠦᠬᠡᠳ ᠤᠨ ᠬᠤᠳᠠ ᠬᠥᠳᠡᠭᠡ ᠶᠢ ᠬᠠᠮᠤᠷᠤᠭᠰᠠᠨ ᠳᠦᠷᠪᠡᠨ ᠱᠠᠲᠤᠨ ᠤ ᠲᠡᠩᠬᠡᠷᠡᠭᠦᠯᠦᠨ ᠲᠤᠰᠠᠯᠠᠬᠤ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠪᠠ
ᠨᠡᠶᠢᠲᠡᠯᠡᠭᠰᠡᠨ ᠴᠠᠭ᠄
2016/9/2
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾᠎ ᠢ ᠨᠡᠶᠢᠲᠡᠯᠡᠨ ᠬᠡᠷᠡᠭᠵᠢᠬᠦᠯᠪᠡ᠃ ᠣᠳᠣᠬᠠᠨ ᠳᠤ᠂ ᠪᠦᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠳᠠ ᠪᠠᠯᠭᠠᠰᠤᠵᠢᠯᠳᠡ ᠶᠢᠨ ᠨᠤᠷᠮ᠎ᠠ ᠨᠢᠭᠡᠨᠲᠡ 60.3%᠎ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠤᠨ ᠶᠡᠷᠦᠩᠬᠡᠶ ᠲᠤᠭ᠎ᠠ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠠᠶᠢᠵᠤ᠂ ᠬᠤᠶᠢᠰᠢᠳᠠ ᠶᠢᠨ ᠨᠡᠯᠢᠶᠡᠳ ᠤᠷᠳᠦ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠶᠢᠨ ᠬᠦᠴᠦᠨ ᠮᠦᠨ ᠬᠦ ᠭᠠᠳᠠᠭᠰᠢ ᠭᠠᠷᠴᠤ᠂ ᠬᠡᠰᠡᠭ ᠬᠡᠦᠬᠡᠳ ᠭᠡᠷ ᠨᠤᠲᠤᠭ ᠲᠤ ᠪᠠᠨ ᠦᠯᠡᠳᠡᠬᠦ ᠪᠣᠳᠠᠲᠤ ᠪᠠᠶᠢᠳᠠᠯ ᠲᠤᠯᠭᠠᠷᠠᠬᠤ ᠪᠤᠯᠤᠨ᠎ᠠ᠃ ᠡᠭᠦᠨ ᠤ ᠲᠤᠯᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠤᠳᠠ ᠬᠥᠳᠡᠭᠡ ᠶᠢ ᠬᠠᠮᠤᠷᠤᠭᠰᠠᠨ ᠳᠦᠷᠪᠡᠨ ᠱᠠᠲᠤᠨ ᠤ ᠲᠡᠩᠬᠡᠷᠡᠭᠦᠯᠦᠨ ᠲᠤᠰᠠᠯᠠᠬᠤ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠪᠠ᠃      ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠰᠠᠨᠠᠯ ᠬᠢᠭᠡᠳ ᠲᠦᠯᠬᠢᠨ ᠠᠬᠢᠭᠤᠯᠬᠤ ᠲᠥᠯᠥᠪᠯᠡᠭᠡ ᠶᠢ ᠬᠠᠷᠢᠭᠤᠴᠠᠨ ᠲᠣᠭᠲᠠᠭᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠲᠤᠲᠤᠷᠬᠠᠶᠢᠯᠠᠪᠠ᠃ ᠡᠯ᠎ᠡ ᠠᠶᠢᠮᠠᠭ ᠬᠤᠳᠠ ᠨᠤᠭᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠬᠤ ᠪᠠᠨ ᠦᠨᠡᠨ ᠬᠦ ᠴᠢᠩᠭᠠᠳᠬᠠᠵᠤ᠂ ᠲᠤᠰ ᠭᠠᠵᠠᠷ ᠤᠷᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠠᠵᠢᠯ ᠤᠨ ᠲᠥᠰᠦᠯ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠬᠠᠷᠢᠶ᠎ᠠ ᠬᠤᠰᠢᠭᠤ ᠰᠢᠶᠠᠨ ︵ᠬᠤᠳᠠ᠂ ᠲᠣᠭᠤᠷᠢᠭ︶᠎ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠠᠯᠬᠤ ᠠᠵᠢᠯᠯᠠᠭ᠎ᠠ ᠶᠢ ᠦᠷᠨᠢᠬᠦᠯᠬᠦ ᠬᠡᠷᠡᠭᠲᠠᠢ᠃ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠮᠠᠯᠵᠢᠬᠤ ᠲᠠᠷᠢᠶᠠᠯᠠᠬᠤ  ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠰᠢᠰᠲ᠋ᠧᠮᠵᠢ ᠪᠤᠯᠤᠨ ᠲᠡᠩᠬᠡᠷᠡᠭᠦᠯᠦᠨ ᠲᠤᠰᠠᠯᠠᠵᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠠᠵᠢᠯ ᠢ ᠲᠤᠰᠬᠠᠶᠢᠯᠠᠨ ᠬᠠᠷᠢᠭᠤᠴᠠᠨ ᠵᠣᠬᠢᠴᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠡᠮᠬᠢᠯᠡᠨ ᠨᠡᠶᠢᠯᠡᠭᠦᠯᠵᠦ᠂ ᠡᠷᠬᠡ ᠲᠤᠰᠢᠶᠠᠯᠳᠤ ᠰᠠᠯᠠᠭ᠎ᠠ ᠮᠥᠴᠢᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠲᠤᠰ ᠤᠨ ᠬᠠᠷᠢᠭᠤᠴᠠᠯᠭ᠎ᠠ ᠪᠠᠨ ᠬᠠᠷᠢᠭᠤᠴᠠᠵᠤ᠂ ᠬᠠᠷᠢᠯᠴᠠᠨ ᠬᠠᠮᠵᠢᠯᠴᠠᠵᠤ᠂ ᠡᠯ᠎ᠡ ᠵᠦᠢᠯ ᠤᠨ ᠪᠣᠳᠠᠲᠠᠶ ᠲᠦᠷᠤ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠠᠵᠢᠯ ᠤᠨ ᠡᠭᠦᠷᠭᠡ ᠶᠢᠨ ᠪᠡᠶᠡᠯᠡᠭᠳᠡᠯ ᠢ ᠦᠨᠡᠨ ᠬᠦ ᠪᠠᠲᠤᠯᠠᠬᠤ ᠬᠡᠷᠡᠭᠲᠡᠶ᠃ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠠᠵᠢᠯ ᠳᠤ ᠳᠠᠩᠰᠠᠯᠠᠬᠤ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠬᠦᠯᠵᠤ᠂ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠪᠤᠯᠤᠨ ᠬᠢᠨᠠᠯᠲᠠ  ᠲᠠᠯᠪᠢᠬᠤ ᠬᠠᠷᠢᠭᠤᠴᠠᠯᠭ᠎ᠠ ᠲᠤᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠵᠥᠷᠢᠴᠡᠯ ᠪᠤᠯᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠎ ᠤ ᠥᠷᠨᠢᠭᠦᠯᠵᠦ ᠪᠠᠶᠢᠭ᠎ᠠ ᠪᠠᠶᠢᠳᠠᠯ ᠢ ᠤᠶᠢᠯᠠᠭᠠᠵᠤ ᠪᠠᠶᠢᠴᠠᠭᠠᠬᠤ ᠪᠠ ᠬᠠᠷᠠᠭᠠᠯᠵᠠᠨ ᠬᠠᠮᠠᠭᠠᠯᠠᠬᠤ ᠬᠢᠨᠠᠯᠲᠠ ᠲᠠᠯᠪᠢᠬᠤ ᠵᠡᠷᠭᠡ ᠠᠵᠢᠯ ᠳᠤ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠪᠤᠯᠤᠨ ᠮᠡᠷᠭᠡᠵᠢᠯ ᠤᠨ ᠳᠡᠮᠵᠢᠯᠭᠡ ᠤᠯᠭᠤᠬᠤ ᠬᠡᠷᠡᠭᠲᠡᠶ᠃      ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠎ ᠪᠠᠨ ᠦᠯᠡᠳᠡᠵᠦ ᠬᠤᠴᠣᠷᠤᠭᠰᠠᠨ ᠬᠡᠦᠬᠡᠳ ᠪᠤᠯᠤᠨ ᠭᠡᠷ ᠤᠨ ᠠᠬᠠᠮᠠᠳ ᠤᠨ ᠬᠢᠨᠢ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠪᠠᠶᠢᠳᠠᠯ ᠤᠨ ᠮᠡᠳᠡᠭᠡ ᠵᠠᠩᠭᠢ ᠶᠢ ᠤᠢᠢᠯᠠᠭᠠᠨ ᠡᠵᠡᠮᠰᠢᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠤᠨ ᠮᠡᠳᠡᠭᠡ ᠵᠠᠩᠭᠢ ᠶᠢᠨ ᠨᠠᠷᠢᠨ ᠲᠤᠲᠤᠷᠬᠠᠢ ᠳᠠᠩᠰᠠ ᠶᠢ ᠪᠠᠶᠢᠭᠤᠯᠵᠤ᠂ ᠨᠢᠭᠡ ᠬᠥᠮᠦᠨ ᠳᠤ ᠨᠢᠭᠡ ᠳᠠᠩᠰᠠ ᠵᠤᠬᠢᠶᠠᠵᠤ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠤᠯᠠᠷᠢᠯ ᠳᠤ ᠨᠢᠭᠡ ᠤᠳᠠᠭ᠎ᠠ ᠬᠠᠷᠭᠤᠭᠤᠯᠤᠨ ᠪᠠᠶᠢᠴᠠᠭᠠᠵᠤ᠂ ᠲᠤᠶᠢᠯ ᠤᠨ ᠤᠨᠤᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠬᠦᠯᠬᠦ ᠬᠡᠷᠡᠭᠲᠠᠢ︔ ᠡᠭᠦᠨ ᠤ ᠵᠡᠷᠭᠡᠴᠡᠭᠡᠪᠡᠷ  ᠭᠠᠳᠠᠭᠰᠢ ᠭᠠᠷᠴᠤ ᠠᠵᠢᠯ ᠬᠢᠵᠦ ᠪᠠᠶᠢᠭ᠎ᠠ ᠬᠦᠮᠦᠰ ᠪᠣᠯᠤᠨ ᠪᠤᠰᠤᠳ ᠬᠠᠷᠠᠵᠤ ᠬᠠᠮᠠᠭᠠᠯᠠᠵᠤ ᠪᠠᠶᠢᠭ᠎ᠠ ᠠᠵᠢᠯᠲᠠᠳ ᠲᠤ ᠬᠠᠤᠯᠢ ᠲᠦᠷᠢᠮ ᠤᠨ ᠤᠬᠠᠭᠤᠯᠭ᠎ᠠ ᠪᠤᠯᠤᠨ ᠵᠢᠯᠤᠭᠤᠳᠤᠯᠭ᠎ᠠ ᠬᠢᠬᠦ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠡᠭᠦᠨ ᠢ ᠰᠢᠮᠳᠠᠭᠤᠯᠵᠤ ᠪᠠᠶᠢᠭᠠᠳ ᠬᠠᠷᠠᠵᠤ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢ ᠬᠦᠢᠴᠡᠳᠭᠡᠯᠭᠡᠵᠤ᠂ ᠬᠠᠷᠠᠵᠤ ᠬᠠᠷᠠᠭᠠᠯᠵᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠬᠡᠷ ᠲᠤ ᠨᠢ ᠤᠴᠢᠵᠤ ᠰᠤᠷᠪᠤᠯᠵᠢᠯᠠᠬᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠎ ᠳᠤ ᠰᠠᠭᠤᠭ᠎ᠠ ᠺᠠᠳ᠋ᠷ ᠲᠤᠭᠤᠷᠢᠨ ᠰᠤᠷᠪᠤᠯᠵᠢᠯᠠᠬᠤ᠂ ᠲᠤᠰᠬᠠᠶ ᠮᠡᠷᠭᠡᠵᠢᠯ ᠤᠨ ᠨᠡᠶᠢᠭᠡᠮ ᠤᠨ ᠰᠠᠶᠢᠨ  ᠳᠤᠷᠠᠴᠤᠳ ᠳᠠᠭᠠᠯᠳᠤᠨ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠭᠤᠣᠯᠳᠠᠯᠭ᠎ᠠ ᠲᠠᠢ ᠬᠦᠮᠦᠰ ᠢ ᠬᠢᠨᠠᠨ ᠪᠠᠶᠢᠴᠠᠭᠠᠵᠤ᠂ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠵᠣᠬᠢᠰᠲᠠᠶ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ︶᠎ ᠤ ᠥᠪᠡᠷᠲᠡᠭᠡᠨ ᠵᠠᠰᠠᠬᠤ ᠦᠢᠯᠡᠳᠦᠯ ᠢ ᠪᠠᠳᠠᠷᠠᠭᠤᠯᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠵᠤ᠂ ᠭᠡᠷ ᠨᠤᠲᠤᠭ ᠲᠤ ᠪᠠᠨ ᠦᠯᠡᠳᠡᠵᠦ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠬᠠᠮᠠᠭᠠᠯᠠᠬᠤ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠠᠵᠢᠯ ᠢ ᠲᠤᠰᠬᠠᠢ ᠬᠦᠮᠦᠨ ᠲᠤᠬᠢᠷᠠᠭᠤᠯᠤᠨ ᠬᠠᠷᠢᠭᠤᠴᠠᠭᠤᠯᠵᠤ᠂ ᠭᠡᠷ ᠨᠤᠲᠤᠭ ᠲᠤ ᠪᠠᠨ ᠦᠯᠡᠳᠡᠵᠤ ᠬᠤᠴᠣᠷᠤᠭᠰᠠᠨ ᠬᠡᠦᠬᠡᠳ ᠤᠨ ᠭᠡᠷ ᠪᠦᠯᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠵᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠡᠷ ᠨᠤᠲᠤᠭ ᠳᠤ ᠪᠠᠨ ᠦᠯᠡᠳᠡᠵᠤ ᠬᠤᠴᠣᠷᠤᠭᠰᠠᠨ ᠬᠡᠦᠬᠡᠳ ᠤᠨ ᠭᠡᠷ ᠪᠦᠯᠢ ᠶᠢᠨ ᠪᠠᠶᠢᠳᠠᠯ᠂ ᠬᠠᠷᠠᠵᠤ ᠬᠠᠷᠠᠭᠠᠯᠵᠠᠵᠤ ᠪᠠᠶᠢᠭ᠎ᠠ ᠪᠠᠶᠢᠳᠠᠯ᠂ ᠰᠤᠷᠭᠠᠭᠤᠯᠢ ᠳᠤ ᠤᠷᠤᠭᠰᠠᠨ ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠶᠢᠨ ᠬᠠᠮᠲᠤ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠎ ᠳᠤ ᠮᠡᠳᠡᠭᠦᠯᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号