ᠮᠠᠨ ᠤ ᠣᠷᠣᠨ ᠤ ᠡᠯ᠎ᠡ ᠡᠩ ᠤᠨ ᠶᠡᠭᠡ ᠳᠡᠭᠡᠳᠦ ᠰᠤᠷᠭᠠᠭᠤᠯᠢ ᠶᠢᠨ 2016 ᠣᠨ ᠤ ᠲᠡᠭᠦᠰᠦᠭᠰᠡᠳ ᠤᠨ | ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤ ᠲᠢᠩᠬᠢᠮ ᠵᠢᠯ ᠤᠨ ᠡᠬᠢᠨ ᠳᠤ ᠳᠠᠷᠤᠢ ︽ | 2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ | ᠲᠤᠬᠠᠶ ᠮᠡᠳᠡᠭᠳᠡᠯ︾ ︵ᠥᠪᠥᠷ ᠰᠤᠷᠭᠠᠨ ᠬᠥᠮᠦᠵᠢᠯ ᠠᠯᠪᠠᠨ ᠦᠰᠦᠭ ﹇2016﹈ 71 ᠳ᠋ᠦ᠋ᠭᠡᠷ ᠲᠣᠭᠠᠲᠤ︶ ᠪᠠ | ︽2016 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠠᠵᠢᠯ ᠢ ᠰᠠᠶᠢᠲᠤᠷ ᠬᠢᠬᠦ ᠲᠣᠬᠠᠢ ᠮᠡᠳᠡᠭᠳᠡᠯ︾ ︵ᠥᠪᠥᠷ ᠰᠤᠷᠭᠠᠨ ᠬᠥᠮᠥᠵᠢᠯ ᠠᠯᠪᠠᠨ | ᠵᠠᠬᠢᠳᠠᠯ ﹇2016﹈ 74 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ 2016 ᠣᠨ ᠤ 8 ᠳ᠋ᠤᠭᠠᠷ | ᠰᠠᠷ᠎ᠠ ᠶᠢᠨ 23 ᠤ ᠡᠳᠦᠷ ᠪᠣᠯᠲᠠᠯᠠᠬᠢ ᠪᠤᠳᠠᠳᠤ ᠪᠦᠷᠢᠳᠬᠡᠯ ᠢᠶᠠᠷ᠂ ᠮᠠᠨ ᠤ ᠣᠷᠣᠨ ᠤ ᠬᠢᠷᠢ ᠬᠡᠮ ᠤᠨ ᠬᠢᠨᠠᠨ | ᠬᠠᠷᠭᠤᠭᠤᠯᠤᠯᠲᠠ ᠶᠢ ᠥᠩᠭᠡᠷᠡᠭᠡᠭᠰᠡᠨ ᠰᠤᠷᠭᠠᠭᠤᠯᠢ ᠲᠡᠭᠦᠰᠦᠭᠰᠡᠳ ᠤᠨ ᠶᠡᠷᠦᠩᠬᠡᠶ ᠲᠤᠭ᠎ᠠ ᠨᠢ 113005 | ᠬᠥᠮᠦᠨ ᠪᠠᠶᠢᠵᠤ᠂ ᠠᠵᠢᠯ ᠣᠯᠤᠭᠰᠠᠨ ᠬᠥᠮᠦᠨ ᠤ ᠲᠤᠭ᠎ᠠ ᠨᠢ 91870 ᠬᠥᠮᠥᠨ᠂ ᠠᠵᠢᠯ ᠣᠯᠭᠤᠯᠲᠠ ᠶᠢᠨ | ᠨᠤᠷᠮ᠎ᠠ ᠨᠢ 81.30% ᠪᠣᠯᠣᠨ᠎ᠠ᠃ ᠡᠭᠦᠨ ᠳᠤ᠄ ᠰᠤᠳᠤᠯᠬᠤ ᠰᠤᠷᠤᠭᠴᠢ ᠨᠢ 5392 ᠬᠥᠮᠦᠨ ᠪᠠᠶᠢᠵᠤ᠂ | ᠠᠵᠢᠯ ᠣᠯᠤᠭᠰᠠᠨ ᠬᠥᠮᠦᠨ ᠤ ᠲᠤᠭ᠎ᠠ ᠨᠢ 2703 ᠬᠦᠷᠴᠦ᠂ ᠠᠵᠢᠯ ᠣᠯᠭᠤᠯᠲᠠ ᠶᠢᠨ ᠨᠤᠷᠮ᠎ᠠ ᠨᠢ 50.13% | ᠪᠣᠯᠣᠨ᠎ᠠ︔ ᠵᠢᠩᠬᠢᠨᠢ ᠠᠩᠭᠢ ᠶᠢᠨ ᠣᠶᠤᠲᠠᠨ 54054 ᠬᠥᠮᠦᠨ ᠪᠠᠶᠢᠵᠤ᠂ ᠠᠵᠢᠯ ᠣᠯᠤᠭᠰᠠᠨ ᠬᠥᠮᠦᠨ ᠤ | ᠲᠤᠭ᠎ᠠ ᠨᠢ43821 ᠬᠦᠷᠴᠦ᠂ ᠠᠵᠢᠯ ᠣᠯᠭᠤᠯᠲᠠ ᠶᠢᠨ ᠨᠤᠷᠮ᠎ᠠ ᠨᠢ 81.07% ᠪᠣᠯᠣᠨ᠎ᠠ︔ ᠲᠤᠰᠬᠠᠶ | ᠮᠡᠷᠭᠡᠵᠢᠯ ᠤᠨ ᠰᠤᠷᠦᠬᠴᠢ 53559 ᠬᠥᠮᠦᠨ ᠪᠠᠶᠢᠵᠤ᠂ ᠠᠵᠢᠯ ᠣᠯᠤᠭᠰᠠᠨ ᠬᠥᠮᠦᠨ ᠤ ᠲᠤᠭ᠎ᠠ ᠨᠢ 45346 | ᠬᠦᠷᠴᠦ᠂ ᠠᠵᠢᠯ ᠣᠯᠭᠤᠯᠲᠠ ᠶᠢᠨ ᠨᠤᠷᠮ᠎ᠠ ᠨᠢ 84.67% ᠪᠣᠯᠣᠨ᠎ᠠ᠃ | |