ᠣᠷᠴᠢᠮᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠳ᠋ ᠤᠨ ᠵᠠᠰᠠᠭ ᠤᠨ ᠲᠠᠷᠢᠶᠠᠯᠠᠩ | ᠮᠠᠯ ᠠᠵᠤ ᠠᠬᠤᠶ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠶᠢ ᠨᠢᠭᠡᠳᠦᠯᠲᠡᠶ | ᠲᠥᠯᠥᠪᠯᠡᠬᠦ ᠲᠤᠬᠠᠢ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠃ ︽ᠰᠠᠨᠠᠯ︾ ᠳᠤ ᠲᠣᠳᠣᠷᠬᠠᠶᠢᠯᠠᠭᠰᠠᠨ ᠨᠢ᠂ 2016 | ᠣᠨ ᠳᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠠᠴᠠ ᠬᠡᠰᠡᠭ ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠢ ᠰᠣᠩᠭᠤᠵᠤ ᠲᠤᠷᠰᠢᠯᠲᠠ ᠶᠢᠨ ᠴᠢᠭ᠋ ᠤᠨ ᠠᠵᠢᠯ ᠢ ᠥᠷᠨᠢᠭᠦᠯᠦᠨ᠎ᠡ᠃ 2017 ᠣᠨ ᠳᠤ 57 ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠳᠤ ᠪᠦᠬᠦ ᠲᠠᠯ᠎ᠠ ᠪᠠᠷ ᠥᠷᠨᠢᠭᠦᠯᠦᠨ᠎ᠡ ᠭᠡᠵᠡᠢ᠃ | ︽ᠰᠠᠨᠠᠯ︾ ᠳᠤ ᠲᠣᠳᠣᠷᠬᠠᠶᠢᠯᠠᠭᠰᠠᠨ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠪᠡᠯᠡ ᠮᠥᠩᠭᠦ ᠶᠢ | ᠬᠡᠷᠡᠭᠯᠡᠬᠦ ᠬᠦᠷᠢᠶ᠎ᠡ ᠬᠡᠪᠴᠢᠶ᠎ᠡ ᠳᠤ ᠡᠯ᠎ᠡ ᠱᠠᠲᠤᠨ ᠤ ᠡᠳ᠋ ᠤᠨ ᠵᠠᠰᠠᠭ ᠠᠴᠠ ᠲᠣᠬᠢᠷᠠᠭᠤᠯᠤᠭᠰᠠᠨ ᠲᠠᠷᠢᠶᠠᠯᠠᠩ ᠮᠠᠯ | ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠪᠡᠯᠡ ᠮᠥᠩᠭᠦ ᠪᠠᠭᠲᠠᠨ᠎ᠠ᠃ ᠲᠥᠪ ᠤᠨ ᠪᠡᠯᠡ | ᠮᠥᠩᠭᠦ ᠪᠣᠯᠤᠨ ᠥᠪᠡᠷᠲᠡᠭᠡᠨ ᠵᠠᠰᠠᠬᠤ ᠣᠷᠣᠨ ᠤ ᠪᠡᠯᠡ ᠮᠥᠩᠭᠦ ᠬᠤᠶᠠᠷ ᠬᠡᠰᠡᠭ ᠪᠠᠭᠲᠠᠨ᠎ᠠ᠂ ᠡᠭᠦᠨ ᠳᠤ ᠲᠥᠪ ᠤᠨ | ᠡᠳ᠋ ᠤᠨ ᠵᠠᠰᠠᠭ ᠤᠨ ᠪᠡᠯᠡ ᠮᠥᠩᠭᠦ ᠳᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ᠂ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠ ᠬᠥᠷᠥᠰᠥ ᠰᠢᠷᠣᠶ ᠶᠢᠨ | ᠬᠠᠮᠠᠭᠠᠯᠠᠯᠲᠠ ᠶᠢᠨ ᠨᠥᠬᠦᠪᠥᠷᠢ ᠪᠡᠯᠡ ᠮᠥᠩᠭᠦ᠂ ᠤᠳᠤ ᠦᠶ᠎ᠡ ᠶᠢᠨ ᠲᠠᠷᠢᠶᠠᠯᠠᠩ ᠦᠢᠯᠡᠳᠪᠦᠷᠢᠯᠡᠯ ᠤᠨ | ᠬᠥᠭᠵᠢᠯᠲᠡ ᠶᠢᠨ ᠪᠡᠯᠡ ᠮᠥᠩᠭᠦ᠂ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠪᠣᠯᠤᠨ ᠦᠢᠯᠡᠴᠢᠯᠡᠭᠡᠨ ᠤ | ᠨᠥᠬᠦᠪᠥᠷᠢ ᠪᠡᠯᠡ ᠮᠥᠩᠭᠦ ᠂ ᠤᠢ ᠰᠢᠭᠤᠶ ᠶᠢᠨ ᠨᠥᠬᠦᠪᠥᠷᠢ ᠪᠡᠯᠡ ᠮᠥᠩᠭᠦ ᠵᠡᠷᠭᠡ ᠪᠠᠭᠲᠠᠵᠤ᠂ ᠥᠪᠡᠷᠲᠡᠭᠡᠨ ᠵᠠᠰᠠᠬᠤ | ᠣᠷᠣᠨ ᠤ ᠪᠡᠯᠡ ᠮᠥᠩᠭᠦ ᠳᠤ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠬᠢᠷᠠᠭᠤᠯᠤᠭᠰᠠᠨ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠥᠭᠵᠢᠯᠲᠡ ᠪᠠ ᠮᠠᠯᠵᠢᠬᠤ ᠲᠠᠷᠢᠶᠠᠯᠠᠬᠤ ᠣᠷᠣᠨ ᠤ | ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠪᠡᠯᠡ ᠮᠥᠩᠭᠦ ᠪᠠᠭᠲᠠᠨ᠎ᠠ᠃ ᠡᠭᠦᠨ ᠳᠤ | ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ᠂ ᠲᠠᠷᠢᠶᠠᠯᠠᠩ ᠮᠠᠯ ᠠᠵᠤ ᠠᠬᠤᠶ᠂ ᠤᠢ | ᠰᠢᠭᠤᠶ ᠂ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ | ᠵᠠᠮ ᠲᠡᠭᠡᠭᠡᠪᠦᠷᠢ᠂ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠬᠥᠳᠡᠭᠡ ᠲᠣᠰᠬᠤᠨ ᠤ | ᠴᠠᠬᠢᠯᠭᠠᠨ᠂ ᠠᠷᠠᠳ ᠤᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ | ᠲᠠᠷᠢᠶᠠᠯᠠᠩ ᠤᠨ ᠦᠢᠯᠡᠰ ᠤᠨ ᠶᠡᠷᠦᠩᠬᠡᠶᠢᠯᠡᠭᠰᠡᠨ ᠨᠡᠭᠡᠭᠡᠯᠳᠡ᠂ ᠡᠳ᠋ ᠤᠨ ᠵᠠᠰᠠᠭ ᠤᠨ ︽ᠠᠰ ᠠᠰ ᠢᠶᠠᠷ ᠨᠢ ᠵᠥᠪᠯᠡᠬᠦ︾ | ᠵᠡᠷᠭᠡ ᠠᠵᠢᠯ ᠲᠥᠷᠥᠯ ᠤᠨ ᠲᠦᠷᠦᠯ ᠵᠦᠢᠯ ᠤᠨ ᠪᠡᠯᠡ ᠮᠥᠩᠭᠦ ︵ᠭᠠᠮᠰᠢᠭ ᠠᠴᠠ ᠠᠪᠤᠷᠠᠬᠤ ᠪᠡᠯᠡ ᠮᠥᠩᠭᠦ᠂ | ᠣᠨᠴᠣᠭᠤᠶ ᠲᠦᠷᠦ ᠶᠢᠨ ᠪᠤᠳᠤᠯᠭ᠎ᠠ ᠵᠢᠴᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠤᠨ ᠡᠷᠦᠬᠡ ᠳᠤ ᠰᠢᠭᠤᠳ | ᠨᠥᠬᠦᠪᠦᠷᠢᠯᠡᠬᠦ ᠪᠡᠯᠡ ᠮᠥᠩᠭᠦ ᠶᠢ ᠪᠠᠭᠲᠠᠬᠤ ᠦᠭᠡᠢ︶ ᠪᠠᠭᠲᠠᠨ᠎ᠠ᠃ | ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ᠂ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ | ᠬᠤᠰᠢᠭᠤ ᠰᠢᠶᠠᠨ ᠢ ᠱᠠᠭᠠᠷᠳᠠᠭᠰᠠᠨ ᠨᠢ᠂ ᠪᠡᠯᠡ ᠮᠥᠩᠭᠦ ᠶᠢᠨ ᠬᠡᠪᠴᠢᠶ᠎ᠡ ᠶᠣᠰᠣᠭᠠᠷ ᠯᠠᠪᠯᠠᠯᠲᠠ ᠪᠣᠯᠭᠠᠵᠤ᠂ ᠲᠤᠰ | ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ ᠪᠡᠯᠡ | ᠮᠥᠩᠭᠦ ᠶᠢᠨ ᠳᠣᠲᠣᠷ᠎ᠠ ᠠᠴᠠ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠳᠤ ᠬᠡᠷᠡᠭᠯᠡᠬᠦ ᠪᠡᠯᠡ ᠮᠥᠩᠭᠦᠨ ᠤ | ᠬᠡᠪᠴᠢᠶ᠎ᠡ ᠶᠢ ᠲᠣᠳᠣᠷᠬᠠᠶᠢᠯᠠᠵᠤ᠂ ᠨᠢᠭᠡᠳᠦᠯᠲᠡᠶ ᠲᠥᠯᠥᠪᠯᠡᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠳᠬᠠᠬᠤ ᠬᠡᠷᠡᠭᠲᠡᠶ ᠭᠡᠪᠡ᠃ |