ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2016/9/21
     9 ᠳ᠋ᠤᠭᠡᠷ ᠰᠠᠷ᠎ᠠ ᠶᠢᠨ 19᠎ ᠠᠴᠠ 20᠎ ᠤ ᠡᠳᠦᠷ ᠪᠤᠯᠳᠠᠯ᠎ᠠ᠂ ᠪᠦᠬᠦ ᠤᠷᠤᠨ ᠤ ᠲᠤᠯᠤᠳᠤᠭᠠᠷ ᠤᠳᠠᠭ᠎ᠠ ᠶᠢᠨ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠶᠢᠨ ᠲᠤᠷᠰᠢᠯᠭ᠎ᠠ ᠰᠤᠯᠢᠯᠴᠠᠬᠤ ᠬᠤᠷᠠᠯ ᠬᠦᠬᠡᠬᠤᠳᠠ ᠳᠤ ᠬᠤᠷᠠᠯᠳᠤᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠤᠯᠠᠭᠠᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠤᠯᠠᠭᠠᠨ ᠵᠢᠭᠠᠵᠤ ᠭᠠᠷᠭᠠᠬᠰᠠᠨ ᠨᠢ᠂ ᠤᠢᠢᠷ᠎ᠡ ᠶᠢᠨ ᠵᠢᠯ ᠠᠴᠠ ᠨᠠᠰᠢ᠂ ᠪᠦᠬᠦ ᠤᠷᠤᠨ ᠤ ᠡᠯ᠎ᠠ ᠭᠠᠵᠠᠷ ᠡᠯ᠎ᠠ ᠰᠠᠯᠠᠭ᠎ᠠ ᠮᠦᠴᠢᠷ ᠦᠵᠡᠰᠭᠦᠯᠡᠩᠳᠦ ᠰᠠᠶᠢᠬᠠᠨ ᠬᠦᠳᠡᠭᠡ ᠲᠤᠰᠬᠤᠨ ᠢ ᠪᠦᠳᠦᠭᠡᠨ ᠪᠠᠶᠢᠭᠤᠯᠬᠤ ᠪᠠᠷ ᠭᠤᠤᠯ ᠰᠡᠳᠦᠪ ᠪᠤᠯᠭᠠᠨ᠂ ᠪᠤᠯᠪᠠᠰᠤᠨ ᠲᠤᠰᠬᠤᠨ ᠪᠠᠯᠭᠠᠰᠦ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠤᠯᠭᠠᠵᠤ᠂ ᠡᠯ᠎ᠠ ᠵᠦᠢᠯ ᠤᠨ ᠠᠵᠢᠯ ᠰᠢᠨ᠎ᠡ ᠦᠷ᠎ᠡ ᠪᠦᠳᠦᠮᠵᠢ ᠤᠯᠵᠠᠢ᠃ ᠤᠳᠤᠬᠠᠨ ᠳᠤ ᠮᠠᠨ ᠤ ᠤᠷᠤᠨ ᠪᠦᠬᠦ ᠤᠯᠤᠰ ᠲᠠᠢ ᠠᠳᠠᠯᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠱᠠᠳᠤᠨ ᠳᠤ ᠤᠷᠤᠯ᠎ᠠ᠃ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠤᠬᠠᠮᠰᠠᠷ ᠠᠴᠠ ᠪᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠶᠡᠭᠡ ᠲᠠᠯ᠎ᠠ ᠳᠤ ᠲᠦᠯᠦᠪᠵᠢᠭᠦᠯᠦᠨ᠂ ᠪᠤᠯᠪᠠᠰᠤᠨ ᠲᠤᠰᠬᠤᠨ ᠪᠠᠯᠭᠠᠰᠦ ᠶᠢ ᠡᠭᠦᠳᠦᠨ ᠪᠠᠶᠢᠭᠤᠯᠬᠤ ᠭᠤᠤᠯᠳᠠᠯᠭ᠎ᠠ ᠶᠢᠨ ᠲᠤᠭᠤᠷᠢᠨ ᠳᠤ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ ᠭᠡᠪᠡ᠃      ᠤᠯᠠᠭᠠᠨ ᠴᠢᠬᠤᠯᠠᠴᠢᠯᠠᠬᠰᠠᠨ ᠨᠢ᠂ ᠮᠠᠯᠵᠢᠬᠤ ᠲᠠᠷᠢᠶᠠᠯᠠᠬᠤ ᠤᠷᠤᠨ ᠤ ᠤᠶᠤᠨ ᠤ ᠪᠤᠯᠪᠠᠰᠤᠨ ᠤ ᠪᠠᠶᠢᠭᠤᠯᠤᠯᠳᠠ ᠶᠢ ᠬᠦᠨᠵᠡᠭᠡᠶᠢᠷᠡᠭᠦᠯᠭᠦ ᠳᠤ ᠭᠤᠤᠯᠳᠠᠭᠤ ᠪᠤᠯᠪᠠᠰᠤᠨ ᠲᠤᠰᠬᠤᠨ ᠪᠠᠯᠭᠠᠰᠦ ᠶᠢ ᠡᠭᠦᠳᠦᠨ ᠪᠠᠶᠢᠭᠤᠯᠬᠤ ᠠᠵᠢᠯ ᠢ ᠰᠠᠶᠢᠳᠤᠷ ᠠᠳᠬᠤᠵᠤ᠂ ︽ᠠᠵᠢᠯᠴᠢ ᠠᠷᠪᠢᠴᠢ ᠪᠠᠷ ᠠᠵᠤ ᠲᠦᠷᠦᠭᠦ · ᠪᠠᠶᠠᠵᠢᠨ ᠴᠢᠨᠡᠭᠡᠯᠢᠭᠵᠢᠵᠤ ᠬᠦᠰᠡᠯ ᠢᠶᠠᠨ ᠲᠡᠷᠭᠡᠯᠰᠢᠭᠦᠯᠭᠦ︾ ᠠᠵᠢᠯᠯᠠᠭ᠎ᠠ ᠪᠠᠷ ᠶᠡᠷᠦᠩᠬᠡᠶᠢᠯᠡᠨ ᠵᠢᠯᠤᠭᠤᠳᠬᠤ ᠶᠢ ᠪᠠᠷᠢᠮᠳᠠᠯᠠᠵᠤ᠂ ᠡᠭᠦᠨ ᠢ ︽13·5︾᠎ ᠶᠢᠨ ᠲᠦᠯᠦᠪᠵᠢᠭᠦᠯᠭᠡ ᠶᠢ ᠨᠡᠶᠢᠳᠡᠪᠦᠷᠢᠵᠢᠭᠤᠯᠬᠤ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠭᠦ ᠴᠢᠳᠠᠪᠦᠷᠢ ᠶᠢ ᠲᠡᠭᠡᠭᠰᠢᠯᠡᠭᠦᠯᠭᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠪᠤᠯᠤᠨ ᠮᠠᠯᠴᠢᠨ ᠲᠠᠷᠢᠶᠠᠴᠢᠨ ᠤ ᠦᠵᠡᠯ ᠰᠠᠨᠠᠭ᠎ᠠ ᠶᠤᠰᠤ ᠰᠤᠷᠳᠠᠬᠤᠨ ᠤ ᠬᠡᠪ ᠪᠤᠯᠪᠠᠰᠤᠷᠠᠯ ᠢ ᠲᠡᠭᠡᠭᠰᠢᠯᠡᠭᠦᠯᠭᠦ ᠯᠦᠭᠡ ᠤᠶᠠᠯᠳᠤᠭᠤᠯᠬᠤ ᠬᠡᠷᠡᠭᠳᠡᠢ᠃ ᠲᠤᠪᠤᠶᠢᠮ᠎ᠠ ᠠᠰᠠᠭᠤᠳᠠᠯ ᠢ ᠶᠡᠷᠦᠩᠬᠡᠶᠢᠯᠡᠨ ᠴᠡᠭᠴᠡᠯᠡᠭᠦ ᠪᠠᠷ ᠭᠠᠷᠳᠠᠴᠠ ᠪᠤᠯᠭᠠᠬᠤ ᠶᠢ ᠪᠠᠷᠢᠮᠳᠠᠯᠠᠵᠤ᠂ ᠪᠦᠬᠦ ᠠᠷᠠᠳ ᠢᠶᠠᠷ ᠢᠶᠠᠨ ᠬᠦᠳᠡᠯᠦᠯᠴᠡᠨ ︽ᠬᠠᠳᠠᠭᠤ ᠤᠷᠴᠢᠨ︾᠎ ᠢᠶᠠᠨ ᠵᠠᠰᠠᠨ ᠴᠡᠭᠴᠡᠯᠡᠵᠤ᠂ ᠠᠷᠠᠳ ᠤᠨ ᠵᠠᠩᠰᠢᠯ ᠢ ᠬᠦᠮᠦᠵᠢᠭᠦᠯᠦᠨ ︽ᠵᠦᠭᠡᠯᠡᠨ ᠤᠷᠴᠢᠨ︾᠎ ᠢᠶᠠᠨ ᠲᠡᠭᠡᠭᠰᠢᠯᠡᠭᠦᠯᠭᠦ ᠬᠡᠷᠡᠭᠳᠡᠢ᠃ ᠪᠤᠯᠪᠠᠰᠤᠨ ᠲᠤᠰᠬᠤᠨ ᠪᠠᠯᠭᠠᠰᠦ ᠶᠢ ᠰᠢᠯᠭᠠᠨ ᠦᠨᠡᠯᠡᠭᠦ ᠰᠢᠰᠲ᠋ᠧᠮ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠡᠯ᠎ᠠ ᠵᠦᠢᠯ ᠤᠨ ᠨᠡᠶᠢᠳᠡᠪᠦᠷᠢᠵᠢᠭᠤᠯᠤᠯᠳᠠ ᠶᠢᠨ ᠠᠵᠢᠯ ᠤᠨ ᠪᠤᠳᠠᠳᠠᠢ ᠳᠤ ᠨᠡᠶᠢᠳᠡᠪᠦᠷᠢᠵᠢᠭᠤᠯᠤᠬᠳᠠᠬᠤ ᠶᠢ ᠠᠬᠢᠭᠤᠯᠬᠤ ᠬᠡᠷᠡᠭᠳᠡᠢ᠃ ᠴᠢᠩᠭ᠎ᠠ ᠪᠤᠳᠠᠳᠠᠢ ᠦᠨᠡᠨ ᠢ ᠡᠷᠬᠢᠮᠯᠡᠭᠦ ᠵᠠᠷᠴᠢᠮ ᠢ ᠪᠠᠷᠢᠮᠳᠠᠯᠠᠵᠤ᠂ ᠪᠤᠯᠪᠠᠰᠤᠨ ᠲᠤᠰᠬᠤᠨ ᠪᠠᠯᠭᠠᠰᠦ ᠶᠢ ᠡᠭᠦᠳᠦᠨ ᠪᠠᠶᠢᠭᠤᠯᠬᠤ ᠶᠠᠰᠦ ᠴᠢᠨᠠᠷ ᠪᠤᠯᠤᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠪᠠᠶᠢᠩᠭᠤᠵᠢᠬᠰᠠᠨ ᠲᠤᠬᠳᠠᠴᠠ ᠶᠢ ᠪᠠᠶᠢᠭᠤᠯᠬᠤ ᠪᠠᠷ ᠭᠠᠷᠳᠠᠴᠠ ᠪᠤᠯᠭᠠᠬᠤ ᠶᠢ ᠪᠠᠷᠢᠮᠳᠠᠯᠠᠵᠤ᠂ ᠪᠤᠯᠪᠠᠰᠤᠨ ᠲᠤᠰᠬᠤᠨ ᠪᠠᠯᠭᠠᠰᠦ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠢ ᠦᠷᠨᠢᠭᠦᠯᠵᠤ᠂ ᠤᠯᠠᠨ ᠲᠦᠮᠡᠨ ᠳᠤ ᠨᠡᠩ ᠤᠯᠠᠨ ᠠᠰᠢᠭ ᠲᠤᠰᠠ ᠬᠦᠷᠳᠡᠭᠡᠭᠦ ᠬᠡᠷᠡᠭᠳᠡᠢ ᠬᠡᠵᠡᠢ᠃      ᠬᠤᠷᠠᠯ ᠲᠡᠭᠡᠷ᠎ᠡ᠂ ᠬᠦᠬᠡᠬᠤᠳᠠ ᠪᠠ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤ ᠵᠡᠷᠭᠡ 12 ᠬᠤᠰᠢᠭᠤ ᠰᠢᠶᠠᠨ ᠲᠤᠭᠤᠷᠢᠭ ᠤᠨ ᠬᠢᠨ ᠪᠠᠶᠢᠳᠠᠯ ᠢᠶᠠᠨ ᠲᠠᠨᠢᠯᠴᠠᠭᠤᠯᠪᠠ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠤᠷᠤᠯᠴᠠᠬᠰᠠᠳ ᠬᠦᠬᠡᠬᠤᠳᠠ ᠶᠢᠨ ᠲᠦᠮᠡᠳ ᠵᠡᠭᠦᠨ ᠬᠤᠰᠢᠭᠤᠨ ᠤ ᠸᠠᠩ ᠤᠨ ᠪᠢᠴᠢᠭᠡᠴᠢ ᠲᠤᠰᠬᠤᠨ᠂ ᠰᠢᠨ᠎ᠡ ᠬᠤᠳᠠ ᠲᠤᠭᠤᠷᠢᠭ ᠤᠨ ᠱᠦᠢ ᠮᠦᠸᠧ ᠲᠤᠰᠬᠤᠨ ᠵᠡᠷᠭᠡ ᠭᠠᠵᠠᠷ ᠤᠨ ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠪᠠᠶᠢᠳᠠᠯ ᠢ ᠲᠣᠭᠤᠷᠢᠨ ᠦᠵᠡᠴᠡᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号