ᠲᠥᠩᠯᠢᠶᠣᠣ ᠠᠴᠠ ᠰᠢᠨ ᠮᠢᠨ ᠬᠦᠷᠬᠦ ᠠᠶᠠᠨᠴᠢᠨ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ
ᠨᠡᠶᠢᠲᠡᠯᠡᠭᠰᠡᠨ ᠴᠠᠭ᠄
2016/9/21
           ᠲᠥᠩᠯᠢᠶᠣᠣ ᠠᠴᠠ ᠰᠢᠨ ᠮᠢᠨ ᠬᠦᠷᠬᠦ ᠠᠶᠠᠨᠴᠢᠨ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠦᠷᠦᠯ ᠵᠦᠢᠯ ᠤᠨ ᠲᠦᠩᠯᠢᠶᠣᠤ ᠳᠠᠬᠢ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ᠂ ᠬᠥᠭᠦᠷᠭᠡᠨ ᠲᠤᠯᠭᠠᠭᠤᠷᠢ ᠨᠤᠭᠤᠳ ᠰᠤᠭᠤᠷᠠᠨ ᠪᠤᠰᠤᠨ᠎ᠠ
           ᠲᠥᠩᠯᠢᠶᠣᠣ ᠠᠴᠠ ᠰᠢᠨ ᠮᠢᠨ ᠬᠦᠷᠬᠦ ᠠᠶᠠᠨᠴᠢᠨ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠦᠷᠦᠯ ᠵᠦᠢᠯ ᠤᠨ ᠲᠦᠩᠯᠢᠶᠣᠤ ᠳᠠᠬᠢ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ᠂ ᠪᠠᠷᠢᠯᠭ᠎ᠠ ᠶᠢᠨ ᠠᠵᠢᠯᠴᠢᠨ ᠶᠠᠭ ᠬᠥᠭᠦᠷᠭᠡᠨ ᠲᠤᠯᠭᠠᠭᠤᠷᠢ ᠶᠢᠨ ᠬᠡᠪ ᠢ ᠱᠦᠷᠭᠦᠨ ᠴᠡᠪᠡᠷᠯᠡᠵᠦ ᠪᠠᠶᠢᠨ᠎ᠠ᠃      9 ᠳ᠋ᠦ᠋ᠭᠡᠷ ᠰᠠᠷ᠎ᠠ ᠶᠢᠨ 19᠎ ᠤ ᠡᠳᠦᠷ᠂ ᠲᠦᠩᠯᠢᠶᠣᠤ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠰᠢᠨ ᠮᠢᠨ ᠬᠤᠶᠢᠲᠤ ᠦᠷᠲᠡᠭᠡ ᠶᠢᠨ ᠲᠡᠮᠦᠷ ᠵᠠᠮ ᠤᠨ ᠪᠠᠷᠢᠯᠭ᠎ᠠ ᠶᠢᠨ ᠲᠦᠷᠦᠯ ᠵᠦᠢᠯ ᠤᠨ ᠲᠦᠩᠯᠢᠶᠣᠤ ᠶᠢᠨ ᠪᠠᠷᠢᠯᠭ᠎ᠠ ᠶᠢᠨ ᠬᠡᠰᠡᠭ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ ᠮᠠᠰᠢᠨ ᠪᠣᠯᠤᠨ ᠬᠦᠮᠦᠨ ᠤ ᠳᠠᠭᠤᠨ ᠱᠤᠤᠭᠢᠯᠳᠤᠵᠤ᠂ 300 ᠭᠠᠷᠤᠶ ᠳᠤᠮᠳᠠ ᠲᠤᠮᠤ ᠬᠡᠯᠪᠡᠷᠢ ᠶᠢᠨ ᠪᠠᠷᠢᠯᠭ᠎ᠠ ᠶᠢᠨ ᠮᠠᠰᠢᠨ ᠤ ᠳᠠᠭᠤᠨ ᠴᠢᠬᠢ ᠳᠦᠯᠡᠶᠢᠷᠡᠮ᠎ᠡ ᠳᠣᠷᠭᠢᠭᠤᠯᠵᠦ ᠲᠤᠬᠠᠶ ᠶᠢᠨ ᠲᠠᠯᠠᠪᠠᠢ ᠶᠢᠨ ᠠᠵᠢᠯᠴᠢᠳ ᠪᠠᠴᠢᠮ ᠪᠥᠭᠡᠳ ᠡᠮᠬᠢ ᠵᠢᠷᠤᠮ ᠲᠠᠢ ᠠᠵᠢᠯᠯᠠᠵᠠᠭᠠᠨ᠎ᠠ᠃      ᠲᠥᠩᠯᠢᠶᠣᠣ ᠠᠴᠠ ᠰᠢᠨ ᠮᠢᠨ ᠬᠦᠷᠬᠦ ᠠᠶᠠᠨᠴᠢᠨ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠦᠷᠦᠯ ᠵᠦᠢᠯ ᠨᠢ ᠥᠪᠥᠷ ᠮᠣᠩᠭᠤᠯ ᠤᠨ ᠵᠡᠭᠦᠨ ᠬᠡᠰᠡᠭ ᠤᠨ ᠲᠦᠩᠯᠢᠶᠣᠤ ᠪᠣᠯᠤᠨ ᠯᠢᠶᠣᠤᠨᠢᠩ ᠮᠤᠵᠢ ᠶᠢᠨ ᠪᠠᠷᠠᠭᠤᠨ ᠬᠡᠰᠡᠭ ᠎ ᠲᠤ ᠪᠠᠶᠢᠷᠢᠯᠠᠵᠤ᠂ ᠱᠤᠭᠤᠮ ᠨᠢ ᠪᠡᠭᠡᠵᠢᠩ ᠠᠴᠠ ᠮᠦᠭᠳᠡᠨ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠰᠢᠨ ᠮᠢᠨ ᠬᠤᠶᠢᠲᠤ ᠦᠷᠲᠡᠭᠡ ᠠᠴᠠ ᠡᠬᠢᠯᠡᠨ᠂ ᠵᠠᠩ ᠡᠦ᠂ ᠭᠠᠨᠵᠤᠭ᠎ᠠ ᠶᠢ ᠳᠠᠮᠵᠢᠵᠤ᠂ ᠲᠦᠩᠯᠢᠶᠣᠤ ᠦᠷᠲᠡᠭᠡᠨ ᠳᠤ ᠬᠦᠷᠦᠨ᠎ᠡ᠂ ᠪᠦᠬᠦ ᠣᠷᠳᠣ ᠨᠢ 196.9km᠂ ᠡᠭᠦᠨ ᠳᠤ ᠯᠢᠶᠣᠤᠨᠢᠩ ᠤᠨ ᠬᠢᠯᠢ ᠳᠤ 104.5km᠂ ᠥᠪᠥᠷ ᠮᠣᠩᠭᠤᠯ ᠤᠨ ᠬᠢᠯᠢ ᠳᠤ 92.4km ᠪᠠᠶᠢᠵᠤ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 250km/ᠴᠠᠭ ᠪᠦᠷᠢ ᠪᠣᠯᠤᠨ᠎ᠠ᠃      ᠲᠥᠩᠯᠢᠶᠣᠣ ᠠᠴᠠ ᠰᠢᠨ ᠮᠢᠨ ᠬᠦᠷᠬᠦ ᠠᠶᠠᠨᠴᠢᠨ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠦᠷᠦᠯ ᠵᠦᠢᠯ ᠢ ᠳᠤᠮᠳᠠᠳᠤ ᠤᠯᠤᠰ ᠤᠨ ᠲᠡᠮᠦᠷ ᠵᠠᠮ ᠤᠨ ᠶᠢᠰᠦᠳᠦᠭᠡᠷ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠳᠠᠭᠠᠭᠠᠴᠢᠯᠠᠨ ᠪᠠᠶᠢᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠥᠩᠯᠢᠶᠣᠣ ᠠᠴᠠ ᠮᠦᠭᠳᠡᠨ ᠬᠦᠷᠬᠦ ᠴᠠᠭ ᠢ ᠴᠠᠭ ᠬᠠᠭᠠᠰ ᠪᠣᠯᠭᠠᠨ ᠪᠣᠭᠤᠨᠢᠰᠬᠠᠬᠤ ᠪᠦᠭᠡᠳ ᠪᠡᠭᠡᠵᠢᠩ ᠠᠴᠠ ᠮᠦᠭᠳᠡᠨ ᠬᠦᠷᠬᠦ ᠠᠶᠠᠨᠴᠢᠳ ᠤᠨ ᠲᠤᠰᠬᠠᠶ ᠱᠤᠭᠤᠮ ᠲᠠᠢ ᠠᠮᠵᠢᠯᠲᠠ ᠲᠠᠢ ᠵᠤᠯᠭᠠᠭᠤᠯᠬᠤ ᠪᠣᠯᠤᠨ᠎ᠠ᠃      ᠥᠨᠦ ᠪᠣᠯᠬᠤ ᠳᠤ᠂ ᠲᠤᠰ ᠲᠦᠷᠦᠯ ᠵᠦᠢᠯ ᠨᠢ 113.9 ᠲᠦᠮᠡᠨ ᠲᠡᠭᠰᠢ ᠳᠦᠷᠪᠡᠯᠵᠢᠨ ᠮᠧᠲᠷ ᠵᠠᠮ ᠤᠨ ᠰᠠᠭᠤᠷᠢ ᠰᠢᠷᠣᠶ ᠳᠡᠪᠢᠰᠪᠡ︔ 2316 ᠪᠤᠯᠠᠭᠠᠷᠢ ᠶᠢᠨ ᠰᠠᠭᠤᠷᠢ ᠶᠢ ᠪᠠᠶᠢᠭᠤᠯᠤᠨ ᠳᠠᠭᠤᠰᠬᠠᠪᠠ︔ 144 ᠬᠦᠨᠳᠦ ᠶᠢᠨ ᠲᠠᠪᠴᠠᠩ ᠢ ᠪᠠᠶᠢᠭᠤᠯᠤᠨ ᠳᠠᠭᠤᠰᠬᠠᠪᠠ︔ 64 ᠬᠥᠭᠦᠷᠭᠡᠨ ᠲᠤᠯᠭᠠᠭᠤᠷᠢ ᠶᠢ ᠪᠠᠶᠢᠭᠤᠯᠤᠨ ᠳᠠᠭᠤᠰᠬᠠᠪᠠ︔ 28 ᠬᠥᠨᠳᠡᠢ ᠭᠠᠷᠴᠠ ᠶᠢ ᠪᠠᠶᠢᠭᠤᠯᠤᠨ ᠳᠠᠭᠤᠰᠬᠠᠪᠠ︔ ᠬᠤᠳᠠ ᠶᠢᠨ 2 ᠵᠥᠷᠢᠯᠢᠭ ᠬᠦᠭᠦᠷᠭᠡ ᠶᠢ ᠪᠠᠶᠢᠭᠤᠯᠤᠨ ᠳᠠᠭᠤᠰᠬᠠᠪᠠ︔ 29 ᠬᠠᠶᠢᠷᠴᠠᠭᠲᠤ ᠨᠢᠷᠤᠭᠤ ᠶᠢ ᠬᠡᠪᠰᠢᠭᠦᠯᠵᠦ ᠳᠠᠭᠤᠰᠬᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号