ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠤᠷᠰᠢᠯᠭ᠎ᠠ ᠰᠣᠯᠢᠯᠴᠠᠬᠤ ᠬᠤᠷᠠᠯ ᠪᠤᠭᠤᠲᠤ ᠳᠤ ᠬᠤᠷᠠᠯᠳᠤᠪᠠ
ᠨᠡᠶᠢᠲᠡᠯᠡᠭᠰᠡᠨ ᠴᠠᠭ᠄
2016/9/23
     ᠪᠦᠬᠦ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠶ ᠦᠷᠨᠢᠭᠦᠯᠬᠦ ᠶᠢ ᠲᠦᠯᠬᠢᠨ ᠠᠬᠢᠭᠤᠯᠬᠤ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 22᠎ ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠲᠤᠷᠰᠢᠯᠭ᠎ᠠ ᠪᠠᠨ ᠰᠣᠯᠢᠯᠴᠠᠬᠤ ᠬᠤᠷᠠᠯ ᠪᠤᠭᠤᠲᠤ ᠳᠤ ᠬᠤᠷᠠᠯᠳᠤᠪᠠ᠂ ᠠᠵᠢᠯ ᠢᠶᠠᠨ ᠳ᠋ᠦᠩᠨᠡᠬᠦ᠂ ᠲᠤᠷᠰᠢᠯᠭ᠎ᠠ ᠪᠠᠨ ᠰᠤᠯᠢᠯᠴᠠᠬᠤ᠂ ᠪᠠᠶᠢᠳᠠᠯ ᠢ ᠵᠠᠳᠠᠯᠤᠨ ᠰᠢᠨᠵᠢᠯᠡᠬᠦ᠂ ᠡᠭᠦᠷᠭᠡ ᠶᠢ ᠪᠠᠶᠢᠷᠢᠯᠠᠭᠤᠯᠬᠤ ᠪᠠᠷ ᠳᠠᠮᠵᠢᠭᠤᠯᠤᠨ᠂ ᠪᠦᠬᠦ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠦᠷᠢᠮᠵᠢᠭᠦᠯᠬᠦ ᠶᠢ ᠲᠦᠯᠬᠢᠨ ᠠᠬᠢᠭᠤᠯᠵᠤ᠂ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠪᠠ᠂ ᠡᠭᠦᠨ ᠤ ᠬᠠᠮᠲᠤ᠂ ᠥᠪᠥᠷ ᠮᠣᠩᠭᠤᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠯᠪᠣᠭᠠᠲᠤ ᠬᠤᠷᠠᠯ ᠪᠠᠶᠢᠭᠤᠯᠤᠭᠳᠠᠭᠰᠠᠨ ᠶᠡᠭᠡ ᠬᠤᠷᠠᠯ ᠬᠢᠬᠦ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠣᠯᠪᠠᠰᠤᠷᠠᠯ ᠤᠨ ᠠᠩᠭᠢ ᠶᠢ ᠡᠷᠬᠢᠯᠡᠬᠦ ᠪᠠ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠠᠰᠠ ᠪᠤᠭᠤᠲᠤ ᠬᠤᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠪᠠᠶᠢᠳᠠᠯ ᠢ ᠪᠤᠲᠠᠲᠤ ᠭᠠᠵᠠᠷ ᠲᠤᠨᠢ ᠲᠤᠭᠤᠷᠢᠨ ᠦᠵᠡᠬᠦ ᠪᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ ᠶᠠᠩ ᠵᠢᠶᠧ ᠬᠤᠷᠠᠯ ᠡᠷᠭᠢᠯᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠵᠢᠴᠢ ᠡᠯ᠎ᠡ ᠪᠦᠷᠢᠯᠳᠦᠬᠦᠨ ᠨᠢᠭᠡᠴᠡ ᠶᠢᠨ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠠᠶᠢᠮᠠᠭ ᠬᠤᠳᠠ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠬᠤᠯᠪᠣᠭᠠᠲᠤ ᠬᠤᠷᠠᠯ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠪᠦᠬᠦ ᠣᠷᠣᠨ ᠤ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠪᠣᠯᠤᠨ ᠥᠪᠥᠷ ᠮᠣᠩᠭᠤᠯ ᠤᠨ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠯᠪᠣᠭᠠᠲᠤ ᠬᠤᠷᠠᠯ ᠤᠨ ᠲᠡᠷᠢᠭᠦᠨ ᠪᠦᠯᠦᠭ ᠬᠤᠪᠢ ᠬᠥᠮᠦᠨ ᠤ ᠭᠡᠰᠢᠭᠦᠨ ᠪᠠ ᠨᠢᠭᠡᠴᠡ ᠶᠢᠨ ᠭᠡᠰᠢᠭᠦᠨ ᠤ ᠲᠥᠯᠥᠭᠡᠯᠡᠭᠴᠢᠳ ᠬᠤᠷᠠᠯ ᠳᠤ ᠣᠷᠣᠯᠴᠠᠵᠠᠶ᠃      ᠪᠤᠭᠤᠲᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠬᠤᠩ ᠮᠧᠢ ᠬᠤᠷᠠᠯ ᠳᠤ ᠣᠷᠣᠯᠴᠠᠭᠰᠠᠨ ᠪᠥᠭᠡᠳ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠪᠤᠭᠤᠲᠤ ᠬᠤᠳᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠦᠷᠢᠮᠵᠢᠭᠦᠯᠬᠦ ᠬᠡᠪᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠤᠭᠰᠠᠨ ᠪᠠᠶᠢᠳᠠᠯ ᠢᠶᠠᠨ ᠲᠠᠨᠢᠯᠴᠠᠭᠤᠯᠪᠠ᠃      ᠬᠤᠷᠠᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠣᠭ᠎ᠠ᠂ ᠤᠷᠳᠤᠰ ᠬᠤᠳᠠ᠂ ᠲᠦᠩᠯᠢᠶᠣᠤ ᠬᠤᠳᠠ᠂ ᠤᠯᠠᠭᠠᠨᠬᠠᠳᠠ ᠬᠤᠳᠠ ᠪᠠ ᠬᠠᠮᠤᠭ ᠤᠨ ᠭᠤᠶᠣ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠯᠦᠭᠡᠯᠡᠭᠴᠢᠳ ᠲᠤᠰ ᠲᠤᠰ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠶᠢᠲᠡᠯᠢᠭ ᠵᠢᠱᠢᠶ᠎ᠡ ᠶᠢᠨ ᠲᠤᠷᠰᠢᠯᠭ᠎ᠠ ᠪᠠᠨ ᠲᠠᠨᠢᠯᠴᠠᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠰᠢᠯᠢᠨ ᠬᠤᠷᠠᠯ ᠳᠤ ᠣᠷᠣᠯᠴᠠᠭᠰᠠᠨ ᠪᠥᠭᠡᠳ ᠤᠢᠢᠷ᠎ᠠ ᠶᠢᠨ ᠵᠢᠯ ᠤᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ ᠳᠤᠮᠳᠠ ᠣᠯᠤᠭᠰᠠᠨ ᠦᠷ᠎ᠡ ᠪᠦᠲᠦᠮᠵᠢ ᠪᠣᠯᠤᠨ ᠠᠬᠢᠴᠠ ᠶᠢ ᠡᠷᠭᠢᠴᠡᠭᠦᠯᠦᠨ ᠳ᠋ᠦᠩᠨᠡᠵᠦ᠂ ᠬᠤᠶᠢᠰᠢᠳᠠ ᠶᠢᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠠᠶᠢᠷᠢᠯᠠᠭᠤᠯᠤᠭᠰᠠᠨ ᠤ ᠬᠠᠮᠲᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠰᠠᠶᠢᠲᠤᠷ ᠦᠷᠨᠢᠭᠦᠯᠬᠦ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号