︽12·5︾᠎ ᠶᠢᠨ ᠬᠤᠭᠤᠴᠠᠭᠠᠨ ᠳᠤ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ 146 ᠲᠦᠮᠡᠨ ᠡᠷᠦᠬᠡ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2016/9/23
               ᠬᠥᠯᠥᠨ ᠪᠤᠶᠢᠷ ᠤᠨ ᠲᠠᠯ᠎ᠠ ᠨᠤᠲᠤᠭ      ︽12·5︾᠎ ᠶᠢᠨ ᠬᠤᠭᠤᠴᠠᠭᠠᠨ ᠳᠤ᠂ ᠤᠯᠤᠰ ᠠᠴᠠ ᠥᠪᠥᠷ ᠮᠣᠩᠭᠤᠯ ᠵᠡᠷᠭᠡ 13 ᠮᠤᠵᠢ ᠣᠷᠣᠨ ᠳᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠳᠦᠷᠦ ᠶᠢᠨ ᠪᠤᠳᠤᠯᠭ᠎ᠠ ᠶᠢ ᠬᠡᠷᠡᠭᠵᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠲᠥᠷᠪᠡ ᠶᠢ ᠪᠠᠲᠤᠯᠠᠨ ᠨᠢᠭᠡ ᠶᠢ ᠪᠦᠷᠢᠨᠰᠢᠭᠦᠯᠬᠦ︾ ᠲᠤᠬᠠᠶᠢᠯᠠᠪᠠᠯ ᠠᠮᠢ ᠠᠬᠤᠶ ᠶᠢ ᠪᠠᠲᠤᠯᠠᠬᠤ᠂ ᠣᠷᠣᠯᠭ᠎ᠠ ᠶᠢ ᠪᠠᠲᠤᠯᠠᠬᠤ᠂ ᠲᠣᠭᠲᠠᠭᠤᠨ ᠪᠠᠶᠢᠳᠠᠯ ᠢ ᠪᠠᠲᠤᠯᠠᠬᠤ᠂ ᠬᠠᠩᠭᠠᠯᠭ᠎ᠠ ᠶᠢ ᠪᠠᠲᠤᠯᠠᠬᠤ ᠬᠠᠮᠢᠶ᠎ᠠ ᠪᠥᠬᠦᠢ ᠲᠥᠷᠢᠮ ᠤᠨ ᠶᠡᠷᠦᠩᠬᠡᠶ ᠱᠠᠭᠠᠷᠳᠠᠯᠭ᠎ᠠ ᠶᠢ ᠪᠦᠷᠢᠨᠰᠢᠭᠦᠯᠬᠦ ᠶᠣᠰᠤᠭᠠᠷ᠂ 6 ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠠᠪᠴᠤ ᠪᠠᠶᠢᠭᠠᠳ ᠡᠯ᠎ᠡ ᠵᠦᠢᠯ ᠤᠨ ᠠᠵᠢᠯ ᠢ ᠤᠷᠤᠭᠰᠢᠲᠠᠶ ᠠᠬᠢᠭᠤᠯᠤᠨ᠂ ᠢᠯᠡᠳᠲᠡ ᠦᠷ᠎ᠡ ᠪᠦᠲᠦᠮᠵᠢ ᠣᠯᠵᠤ᠂ ᠲᠦᠷᠦ ᠶᠢᠨ ᠪᠤᠳᠤᠯᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠠᠶᠢᠨ᠎ᠠ᠃      ᠨᠢᠭᠡᠳᠦᠭᠡᠷ ᠬᠤᠭᠤᠴᠠᠭᠠᠨ ᠤ ᠨᠦᠬᠦᠪᠦᠷᠢ ᠱᠠᠩᠨᠠᠯ ᠤᠨ ᠲᠦᠷᠦ ᠶᠢᠨ ᠪᠤᠳᠤᠯᠭ᠎ᠠ ᠨᠢ ᠤᠯᠤᠰ ᠠᠴᠠ ᠪᠠᠭᠤᠯᠭᠠᠭᠰᠠᠨ ᠪᠡᠯᠴᠢᠭᠡᠷᠯᠡᠭᠦᠯᠬᠦ ᠶᠢ ᠴᠠᠭᠠᠵᠠᠯᠠᠬᠤ ᠡᠭᠦᠷᠭᠡ ᠶᠢ 4.7 ᠳ᠋ᠦᠩᠰᠢᠭᠤᠷ ᠲᠥᠭᠦᠷᠢᠭ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠡᠭᠦᠷᠭᠡ ᠶᠢ 5.5 ᠳ᠋ᠦᠩᠰᠢᠭᠤᠷ ᠮᠦ ᠪᠡᠶᠡᠯᠡᠭᠦᠯᠵᠦ᠂ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠨᠢ ᠠᠰᠢᠭᠯᠠᠵᠤ ᠪᠣᠯᠬᠤ ᠨᠤᠲᠤᠭ ᠪᠡᠯᠴᠢᠭᠡᠷ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠦᠨ᠂ 146 ᠲᠦᠮᠡᠨ ᠡᠷᠦᠬᠡ ᠮᠠᠯᠴᠢᠨ ᠲᠠᠷᠢᠶᠠᠴᠢᠨ ᠠᠰᠢᠭ ᠬᠦᠷᠲᠡᠪᠡ᠃ 5 ᠵᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠪᠡᠯᠡ ᠮᠥᠩᠭᠦ ᠶᠢᠨ ᠣᠷᠣᠭᠤᠯᠤᠯᠲᠠ ᠪᠠᠷ ᠳᠠᠮᠵᠢᠨ᠂ ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠯᠲᠡ ᠶᠢᠨ ᠬᠤᠷᠳᠤᠴᠠ ᠢᠯᠡᠳᠲᠡ ᠲᠦᠷᠭᠡᠳᠴᠦ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 44%᠎ ᠳᠤ ᠬᠦᠷᠴᠦ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠲᠠᠢ ᠬᠠᠷᠢᠴᠠᠭᠤᠯᠪᠠᠯ 7 ᠵᠠᠭᠤᠨ ᠤ ᠴᠡᠭ ᠳᠡᠭᠡᠭᠰᠢᠯᠡᠵᠦ᠂ ᠨᠤᠲᠤᠭ ᠪᠡᠯᠴᠢᠭᠡᠷ ᠤᠨ ᠠᠮᠢ ᠠᠬᠤᠶ ᠮᠠᠭᠤᠲᠠᠬᠤ ᠬᠠᠨᠳᠤᠰᠢ ᠶᠢ ᠪᠦᠬᠦᠯᠢ ᠴᠣᠭᠴᠠ ᠠᠴᠠ ᠨᠢ ᠬᠤᠷᠢᠭᠯᠠᠨ ᠵᠣᠭᠰᠤᠭᠠᠪᠠ᠃      ᠮᠠᠯᠴᠢᠨ ᠲᠠᠷᠢᠶᠠᠴᠢᠨ ᠤ ᠣᠷᠣᠯᠭ᠎ᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤ ᠠᠴᠠ ᠠᠩᠭᠢᠵᠢᠷᠠᠬᠤ ᠠᠯᠬᠤᠴᠠ ᠲᠦᠷᠭᠡᠳᠴᠦ᠂ ᠮᠠᠯᠴᠢᠳ ᠤᠨ ᠬᠥᠮᠦᠨ ᠪᠦᠷᠢ ᠶᠢᠨ ᠳᠤᠮᠳᠠᠴᠢ ᠴᠡᠪᠡᠷ ᠣᠷᠣᠯᠭ᠎ᠠ 14490 ᠲᠥᠭᠦᠷᠢᠭ ᠲᠤ ᠬᠦᠷᠴᠦ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠠᠴᠠ ᠡᠮᠦᠨᠡᠬᠢ ᠲᠠᠢ ᠬᠠᠷᠢᠴᠠᠭᠤᠯᠪᠠᠯ 6000 ᠭᠠᠷᠤᠶ ᠲᠥᠭᠦᠷᠢᠭ ᠨᠡᠮᠡᠭᠳᠡᠭᠰᠡᠨ ᠪᠠᠶᠢᠨ᠎ᠠ᠃ ᠲᠠᠯ᠎ᠠ ᠨᠤᠲᠤᠭ ᠤᠨ ᠮᠠᠯ ᠠᠵᠤ ᠠᠬᠤᠶ ᠶᠢᠨ ᠡᠵᠡᠩᠨᠡᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠲᠠᠯ᠎ᠠ ᠨᠤᠲᠤᠭ ᠤᠨ ᠮᠠᠯᠵᠢᠬᠤ ᠣᠷᠣᠨ ᠤ ᠭᠠᠮᠰᠢᠭ ᠲᠠᠢ ᠲᠡᠮᠡᠴᠡᠵᠦ ᠮᠡᠯ ᠢᠶᠠᠨ ᠬᠠᠮᠠᠭᠠᠯᠠᠬᠤ ᠴᠢᠳᠠᠪᠤᠷᠢ ᠢᠯᠡᠳᠲᠡ ᠴᠢᠩᠭᠠᠷᠠᠵᠤ᠂ ᠮᠠᠯ ᠪᠦᠷᠢ ᠳᠤ ᠡᠪᠦᠯ ᠤᠨ ᠳᠤᠯᠠᠭᠠᠨ ᠰᠠᠷᠠᠪᠴᠢ ᠶᠢᠨ ᠲᠠᠯᠠᠪᠠᠶ 1.1 ᠲᠡᠭᠰᠢ ᠳᠥᠷᠪᠡᠯᠵᠢᠨ ᠮᠧᠲᠷ ᠨᠣᠭᠳᠠᠬᠤ ᠪᠣᠯᠪᠠ᠃      ᠮᠠᠯᠴᠢᠨ ᠲᠠᠷᠢᠶᠠᠴᠢᠨ ᠤ ᠲᠠᠯ᠎ᠠ ᠨᠤᠲᠤᠭ ᠤᠨ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠮᠡᠳᠡᠭᠳᠡᠮ᠎ᠡ ᠳᠡᠭᠡᠭᠰᠢᠯᠡᠵᠦ᠂ ︽ᠨᠠᠳᠠ ᠪᠠᠷ ᠬᠠᠮᠠᠭᠠᠯᠠᠭᠤᠯᠬᠤ︾ ᠪᠠᠶᠢᠭᠰᠠᠨ ᠠᠴᠠ ᠪᠠᠨ ︽ᠪᠢ ᠦᠪᠡᠷ ᠢᠶᠠᠨ ᠬᠠᠮᠠᠭᠠᠯᠠᠬᠤ︾ ᠪᠣᠯᠵᠠᠢ᠃ ᠬᠦᠴᠦᠨ ᠲᠡᠭᠦᠯᠳᠡᠷ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ᠂ ᠢᠯᠡᠳᠲᠡ ᠲᠥᠷᠦ ᠶᠢᠨ ᠪᠣᠳᠤᠯᠭ᠎ᠠ ᠎ ᠶᠢᠨ ᠦᠷ᠎ᠡ ᠪᠦᠲᠦᠮᠵᠢ ᠨᠢ ᠥᠪᠥᠷ ᠮᠣᠩᠭᠤᠯ ᠢ ᠪᠦᠭᠦ ᠤᠯᠤᠰ ᠤᠨ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠳᠤᠮᠳᠠ 5 ᠵᠢᠯ ᠳᠠᠷᠠᠭᠠᠯᠠᠨ ᠲᠡᠷᠢᠭᠦᠨ ᠢᠶᠠᠷ ᠦᠨᠡᠯᠡᠭᠳᠡᠭᠦᠯᠵᠦ᠂ ᠠᠮᠵᠢᠯᠲᠠ ᠪᠦᠲᠦᠮᠵᠢ ᠶᠢᠨ ᠱᠠᠩᠨᠠᠯ ᠤᠨ ᠪᠡᠯᠡ ᠮᠥᠩᠭᠦ 10.7 ᠳ᠋ᠦᠩᠰᠢᠭᠤᠷ ᠲᠥᠭᠦᠷᠢᠭ ᠣᠯᠭᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号