| ᠣᠷᠴᠢᠮᠬᠠᠨ᠂ ᠥᠪᠥᠷ ᠮᠣᠩᠭᠤᠯ ᠤᠨ ᠬᠦᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠭᠠᠭᠰᠠᠨ ᠢᠶᠠᠷ᠂ ᠣᠷᠴᠢᠮ ᠤᠨ ᠵᠢᠯ ᠤᠳ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠠᠴᠠ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠨᠡᠩ ᠭᠤᠣᠯᠴᠢ ᠪᠥᠭᠡᠳ ᠦᠷᠭᠦᠯᠵᠢᠯᠡᠭᠦᠯᠬᠦ ᠳᠤ ᠬᠦᠴᠦ | ᠲᠠᠯᠪᠢᠨ᠂ ᠨᠡᠶᠢᠭᠡᠮ ᠤᠨ ᠪᠠᠲᠤᠯᠠᠭ᠎ᠠ ᠶᠢᠨ ᠲᠦᠷᠤ ᠶᠢᠨ ᠪᠤᠳᠤᠯᠭ᠎ᠠ ᠶᠢ ᠬᠦᠴᠦᠯᠡᠨ ᠪᠦᠷᠢᠨᠰᠢᠭᠦᠯᠵᠦ᠂ | ᠬᠦᠷᠲᠡᠭᠡᠮᠵᠢ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠳᠠᠭᠠᠳᠬᠠᠯ ᠤᠨ | ᠬᠠᠮᠢᠶᠠᠷᠤᠯᠲᠠ ᠶᠢᠨ ᠦᠢᠯᠡᠴᠢᠯᠡᠭᠡ ᠳᠠᠰᠤᠷᠠᠯᠳᠠ ᠦᠭᠡᠢ ᠴᠢᠩᠭᠠᠳᠬᠠᠵᠤ᠂ ᠳᠠᠭᠠᠳᠬᠠᠯ ᠤᠨ ᠪᠦᠷᠬᠦᠴᠡ ᠶᠢᠨ | ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠭᠰᠡᠭᠡᠷ ᠢᠷᠡᠪᠡ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ | ᠳᠠᠭᠠᠳᠬᠠᠯ ᠳᠤ ᠣᠷᠣᠯᠴᠠᠭᠰᠠᠨ ᠬᠥᠮᠦᠨ ᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠤ ᠳᠠᠷᠠᠭᠠᠬᠢ | ᠲᠣᠭᠲᠠᠭᠠᠯ ᠳᠤ ᠨᠡᠶᠢᠴᠡᠬᠦ ᠡᠮ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠨᠢ 55% ᠳᠤ ᠬᠦᠷᠴᠦ᠂ | ᠤᠯᠤᠰ ᠶᠢᠨ ᠱᠠᠭᠠᠷᠳᠠᠭᠰᠠᠨ 50% ᠠᠴᠠ ᠳᠠᠪᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ | ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠲᠠᠢ ᠤᠶᠠᠯᠳᠤᠭᠤᠯᠤᠨ᠂ ᠥᠪᠥᠷ ᠮᠣᠩᠭᠤᠯ ᠨᠢ ᠭᠠᠴᠠᠭ᠎ᠠ | ᠲᠣᠰᠬᠤᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠴᠢᠭ᠋ ᠢ | ᠲᠣᠬᠢᠷᠠᠭᠤᠯᠵᠤ᠂ ᠤᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢ ᠪᠠᠶᠢᠴᠠᠭᠠᠨ ᠯᠠᠪᠯᠠᠬᠤ᠂ ᠳᠡᠰ ᠰᠣᠩᠭᠤᠨ | ᠰᠦᠢᠳᠬᠡᠯ ᠲᠤᠰᠢᠶᠠᠬᠤ᠂ ᠬᠢᠷᠢ ᠬᠡᠮ ᠢᠶᠠᠨ ᠦᠨᠡᠮᠰᠢᠭᠦᠯᠬᠦ᠂ ᠬᠦᠷᠲᠡᠭᠡᠮᠵᠢ ᠠᠪᠬᠤ᠂ ᠺᠠᠷᠲ ᠢᠶᠠᠨ ᠬᠡᠷᠡᠭᠯᠡᠭᠡᠨ ᠳᠤ | ᠬᠡᠷᠡᠭᠯᠡᠬᠦ ︽ᠲᠠᠪᠤ ᠶᠢ ᠲᠣᠰᠬᠤᠨ ᠠᠴᠠ ᠥᠯᠥ ᠭᠠᠷᠭᠠᠬᠤ︾ ᠶᠢ ᠪᠡᠶᠡᠯᠡᠭᠦᠯᠪᠡ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ | ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠰᠦᠢᠳᠬᠡᠯ ᠲᠤᠰᠢᠶᠠᠬᠤ ᠳᠡᠰ ᠢ ᠨᠡᠮᠡᠨ ᠲᠣᠬᠢᠷᠠᠭᠤᠯᠵᠤ᠂ | ᠰᠦᠢᠳᠬᠡᠯ ᠲᠤᠰᠢᠶᠠᠬᠤ ᠨᠥᠬᠦᠪᠥᠷᠢ ᠣᠯᠭᠤᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠬᠡᠪᠴᠢᠶ᠎ᠡ ᠶᠢ ᠥᠷᠭᠡᠳᠬᠡᠪᠡ᠃ ᠤᠯᠤᠰ ᠤᠨ 100 | ᠲᠥᠭᠦᠷᠢᠭ ᠠᠴᠠ 2000 ᠲᠥᠭᠦᠷᠢᠭ ᠪᠣᠯᠲᠠᠯᠠᠬᠢ 12 ᠳᠡᠰ ᠤᠨ ᠰᠠᠭᠤᠷᠢᠨ ᠳᠡᠭᠡᠷ᠎ᠡ 3000 ᠲᠥᠭᠦᠷᠢᠭ ᠤᠨ | ᠳᠡᠰ ᠢ ᠨᠡᠮᠡᠪᠡ︔ 500 ᠲᠥᠭᠦᠷᠢᠭ ᠵᠢᠴᠢ ᠲᠡᠭᠦᠨ ᠠᠴᠠ ᠳᠡᠭᠡᠭᠰᠢ ᠰᠦᠢᠳᠬᠡᠯ ᠲᠤᠰᠢᠶᠠᠬᠤ ᠲᠡᠰ ᠢ | ᠰᠣᠩᠭᠤᠭᠰᠠᠨ ᠳᠤ ᠨᠢ ᠠᠯᠢ ᠪᠠᠭ᠎ᠠ ᠳᠠᠭᠠᠨ ᠬᠥᠮᠦᠨ ᠪᠦᠷᠢ ᠳᠤ ᠵᠢᠯ ᠪᠦᠷᠢ 60 ᠲᠥᠭᠦᠷᠢᠭ ᠨᠥᠬᠦᠵᠦ᠂ ᠨᠢᠭᠡ ᠳᠡᠰ | ᠳᠡᠭᠡᠭᠰᠢᠯᠡᠬᠦ ᠪᠦᠷᠢ ᠳᠤ 5 ᠲᠥᠭᠦᠷᠢᠭ ᠨᠡᠮᠡᠵᠦ᠂ ᠬᠠᠮᠤᠭ ᠥᠨᠳᠦᠷ ᠲᠡᠭᠡᠨ 85 ᠲᠥᠭᠦᠷᠢᠭ ᠨᠦᠬᠦᠬᠦ ᠪᠣᠯᠭᠠᠭᠰᠠᠨ | ᠪᠥᠭᠡᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠦᠨᠳᠦ ᠵᠡᠮᠳᠡᠭ ᠬᠥᠮᠦᠨ᠂ ᠲᠠᠪᠤᠨ | ᠪᠠᠲᠤᠯᠠᠭ᠎ᠠ ᠶᠢᠨ ᠠᠰᠠᠷᠠᠨ ᠲᠡᠵᠢᠭᠡᠬᠦ ᠵᠡᠷᠭᠡ ᠵᠠᠷᠤᠳᠠᠯ ᠲᠤᠰᠢᠶᠠᠬᠤ ᠳᠤ ᠬᠦᠴᠢᠷᠳᠡᠯ ᠲᠠᠢ ᠪᠥᠯᠥᠭᠯᠡᠯ ᠢ ᠣᠷᠣᠯᠠᠨ | ᠬᠠᠮᠤᠭ ᠤᠨ ᠳᠣᠣᠷ᠎ᠠ ᠪᠠᠷᠢᠮᠵᠢᠶ᠎ᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠨᠢ ᠣᠷᠣᠯᠠᠨ | ᠲᠤᠰᠢᠶᠠᠵᠤ ᠥᠭᠴᠡᠢ᠃ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠮᠠᠯᠴᠢᠨ ᠲᠠᠷᠢᠶᠠᠴᠢᠳ ᠤᠨ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠪᠠ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ | ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠮᠠᠯᠴᠢᠨ | ᠲᠠᠷᠢᠶᠠᠴᠢᠳ ᠢ ᠬᠤᠳᠠ ᠪᠠᠯᠭᠠᠰᠤᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠷᠢᠮ ᠤᠨ ᠰᠢᠰᠲ᠋ᠧᠮ ᠳᠤ | ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠳᠤ ᠣᠷᠣᠯᠴᠠᠭᠰᠠᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ | ᠬᠤᠲᠠ ᠪᠠᠯᠭᠠᠰᠤᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠵᠢᠷᠤᠮᠵᠢᠯ ᠲᠠᠢ ᠪᠠᠷ ᠵᠠᠯᠭᠠᠯᠳᠤᠭᠤᠯᠵᠤ᠂ ᠡᠮ | ᠡᠮᠨᠡᠯᠭᠡ ᠶᠢᠨ ᠦᠨᠳᠦᠰᠦᠨ ᠳᠠᠭᠠᠳᠬᠠᠯ ᠤᠨ ᠬᠦᠷᠲᠡᠭᠡᠮᠵᠢ ᠶᠢ ᠦᠷᠭᠦᠯᠵᠢᠯᠡᠨ ᠬᠦᠷᠲᠡᠬᠦ ᠶᠢ ᠨᠢ ᠦᠨᠡᠨᠬᠦ ᠪᠠᠲᠤᠯᠠᠪᠠ᠃ | | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠠᠯᠳᠠᠯᠲᠠ᠂ | ᠠᠵᠢᠯ ᠠᠴᠠ ᠪᠣᠯᠤᠭᠰᠠᠨ ᠭᠡᠮᠲᠦᠯ᠂ ᠦᠷᠡᠵᠢᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠢ ᠪᠠᠭᠤᠷᠠᠭᠤᠯᠪᠠ᠃ | ᠠᠵᠢᠯ ᠠᠯᠳᠠᠭᠰᠠᠳ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠪᠦᠬᠦᠯᠢ ᠴᠣᠭᠴᠠ ᠪᠠᠷ 1 ᠵᠠᠭᠤᠨ ᠤ ᠴᠡᠭ | ᠪᠠᠭᠤᠷᠠᠭᠤᠯᠪᠠ︔ ᠦᠷᠡᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠨᠡᠶᠢᠲᠡ ᠦᠯᠡᠳᠡᠪᠦᠷᠢ ᠨᠢ 9 ᠰᠠᠷ᠎ᠠ | ᠬᠡᠲᠦᠷᠡᠭᠰᠡᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠵᠠᠷᠤᠳᠠᠯ ᠤᠨ ᠨᠣᠷᠮ᠎ᠠ ᠪᠠᠨ ᠬᠥᠮᠦᠨ ᠬᠡᠷᠡᠭᠯᠡᠬᠦ | ᠨᠢᠭᠡᠴᠡ ᠶᠢᠨ ᠴᠠᠯᠢᠩ ᠤᠨ ᠪᠦᠬᠦ ᠲᠣᠭᠠᠨ ᠤ 0.5% ᠳᠣᠲᠣᠷ᠎ᠠ ᠪᠠᠶᠢᠯᠭᠠᠬᠤ ᠪᠠᠷ ᠲᠣᠬᠢᠷᠠᠭᠤᠯᠪᠠ︔ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠳᠤᠮᠳᠠᠴᠢ ᠵᠠᠷᠤᠳᠠᠯ ᠤᠨ ᠨᠤᠷᠮ᠎ᠠ ᠶᠢ 1% ᠪᠠᠶᠢᠭᠰᠠᠨ ᠠᠴᠠ ᠨᠢ 0. | 75% ᠪᠣᠯᠲᠠᠯ᠎ᠠ ᠪᠠᠭᠤᠷᠠᠭᠤᠯᠪᠠ᠃ 2015 ᠣᠨ ᠳᠤ ᠠᠵᠤ ᠠᠬᠤᠶᠢᠯᠠᠯ ᠪᠠ ᠠᠵᠢᠯᠳᠠᠨ ᠠᠵᠢᠯᠴᠢᠨ ᠤ | ᠳᠠᠷᠤᠭᠠᠰᠤ ᠶᠢ 5.4 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠨᠢ ᠥᠪᠥᠷ | ᠮᠣᠩᠭᠤᠯ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠵᠡᠷᠭᠡ 10 ᠪᠠᠩᠬᠢ ᠯᠤᠭ᠎ᠠ ᠨᠠᠰᠤᠵᠢᠯ ᠤᠨ | ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠶᠢᠨ ᠤᠢᠷᠳᠡᠭ ᠪᠠᠲᠤᠯᠠᠵᠤ ᠥᠷᠲᠡᠭ ᠨᠡᠮᠡᠭᠳᠡᠭᠦᠯᠬᠦ | ᠵᠥᠪᠳᠡᠯᠴᠡᠭᠡᠷ ᠲᠣᠭᠲᠠᠵᠤ᠂ ᠬᠦᠦ ᠮᠥᠩᠭᠦ ᠶᠢᠨ ᠨᠤᠷᠮ᠎ᠠ ᠶᠢ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠬᠦᠦ | ᠮᠥᠩᠭᠦᠨ ᠤ ᠰᠠᠭᠤᠷᠢ ᠪᠠᠷᠢᠮᠵᠢᠶ᠎ᠠ ᠨᠤᠷᠮ᠎ᠠ ᠳᠡᠭᠡᠷ᠎ᠡ 40% ᠪᠠᠷ ᠨᠡᠮᠡᠭᠳᠡᠭᠦᠯᠦᠨ ᠪᠣᠳᠣᠬᠤ ᠪᠣᠯᠭᠠᠪᠠ᠃ | ᠣᠳᠣᠬᠠᠨ ᠳᠤ ᠲᠣᠭᠲᠠᠮᠠᠯ ᠬᠤᠭᠤᠴᠠᠭ᠎ᠠ ᠲᠠᠢ ᠪᠠᠷ 75 ᠳ᠋ᠦᠩᠰᠢᠭᠤᠷ ᠲᠥᠭᠦᠷᠢᠭ ᠬᠠᠳᠠᠭᠠᠯᠠᠭᠰᠠᠨ ᠢᠶᠠᠷ ᠪᠣᠳᠣᠪᠠᠯ᠂ | ᠵᠢᠱᠢᠯᠲᠡ ᠪᠠᠷ ᠵᠢᠯ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠨᠢ 1 | ᠳ᠋ᠦᠩᠰᠢᠭᠤᠷ ᠲᠥᠭᠦᠷᠢᠭ ᠨᠡᠮᠡᠭᠳᠡᠬᠦ ᠪᠣᠯᠣᠨ᠎ᠠ᠃ ᠡᠭᠦᠨ ᠤ ᠵᠡᠷᠭᠡᠴᠡᠭᠡᠪᠡᠷ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠣᠷᠣᠨ ᠤ ᠳᠣᠲᠣᠷᠠᠬᠢ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ | ᠡᠮᠴᠢᠯᠡᠭᠦᠯᠦᠭᠰᠡᠨ ᠢ ᠰᠢᠭᠤᠳ ᠳ᠋ᠦᠩᠨᠡᠨ ᠪᠤᠳᠦᠬᠤ ᠶᠢ ᠡᠬᠢᠯᠡᠭᠦᠯᠵᠦ᠂ ᠣᠳᠣᠬᠠᠨ ᠳᠤ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ | ᠣᠷᠣᠨ ᠤ ᠳᠣᠲᠣᠷ᠎ᠠ ᠣᠨᠳᠣᠣ ᠭᠠᠵᠠᠷ ᠠᠴᠠ ᠡᠮ ᠤᠨ ᠵᠦᠢᠯ ᠢ ᠬᠤᠳᠠᠯᠳᠤᠨ ᠠᠪᠬᠤ ᠳᠤ ᠰᠢᠭᠤᠳ ᠳ᠋ᠦᠩᠨᠡᠨ | ᠪᠤᠳᠤᠬᠤ ᠶᠢ ᠨᠢᠭᠡᠨᠲᠡ ᠪᠡᠶᠡᠯᠡᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ ᠣᠷᠣᠨ ᠤ ᠳᠣᠲᠣᠷ᠎ᠠ ᠣᠨᠳᠣᠣ ᠭᠠᠵᠠᠷ | ᠡᠮᠨᠡᠯᠭᠡ ᠳᠤ ᠰᠠᠭᠤᠭᠰᠠᠨ ᠢ ᠰᠢᠭᠤᠳ ᠳ᠋ᠦᠩᠨᠡᠨ ᠪᠤᠳᠤᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠪᠣᠯᠣᠨ᠎ᠠ᠃ |