ᠣᠶᠢᠷ᠎ᠠ ᠳᠤ᠂ ᠮᠠᠨ ᠤ ᠤᠷᠤᠨ ︽ᠮᠥᠩᠭᠦᠨ ᠭᠦᠢᠯᠭᠡᠭᠡᠨ ᠢᠶᠠᠷ ᠰᠢᠶᠠᠨ ᠤ ᠬᠡᠪᠴᠢᠶᠡᠨ ᠤ ᠠᠵᠤ ᠠᠬᠤᠶ ᠶᠢᠨ | ᠬᠥᠭᠵᠢᠯᠲᠡ ᠶᠢ ᠳᠡᠮᠵᠢᠬᠦ ᠢᠨᠵᠧᠨᠧᠷᠢᠩ ᠤᠨ ᠲᠤᠷᠰᠢᠯᠲᠠ ᠬᠢᠬᠦ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠬᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠦᠢᠯᠡᠳᠦᠯ ᠢ ᠰᠠᠶᠢᠲᠤᠷ ᠪᠠᠳᠠᠷᠠᠭᠤᠯᠬᠤ᠂ ᠤᠯᠠᠨ ᠲᠡᠰ ᠳᠠᠪᠬᠤᠷᠭᠠᠲᠤ ᠬᠦᠷᠦᠩᠭᠡ ᠶᠢᠨ ᠵᠠᠬ᠎ᠠ ᠳᠡᠯᠭᠡᠭᠦᠷ ᠤᠨ | ᠦᠢᠯᠡᠳᠦᠯ ᠢ ᠰᠠᠶᠢᠲᠤᠷ ᠪᠠᠳᠠᠷᠠᠭᠤᠯᠬᠤ ᠵᠡᠷᠭᠡ ᠲᠠᠯ᠎ᠠ ᠪᠠᠷ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ | ᠢᠨᠵᠧᠨᠧᠷᠢᠩ ᠤᠨ ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠳᠡᠮᠵᠢᠯᠭᠡ | ᠦᠵᠡᠭᠦᠯᠬᠦ ᠪᠠᠨ ᠨᠡᠮᠡᠭᠳᠡᠭᠦᠯᠬᠦ ᠪᠠᠷ ᠪᠠᠶᠢᠨ᠎ᠠ᠃ | ︽ᠰᠠᠨᠠᠯ︾ ᠳᠤ ᠳᠤᠷᠠᠳᠤᠭᠰᠠᠨ ᠨᠢ᠂ ᠮᠠᠨ ᠤ ᠤᠷᠤᠨ ᠤ ᠰᠢᠶᠠᠨ ᠤ ᠬᠡᠪᠴᠢᠶᠡᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ︽ᠭᠤᠷᠪᠠᠨ ᠠᠯᠬᠤᠮ︾ ᠢᠶᠠᠷ ᠳᠠᠮᠵᠢᠨ | ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠢᠨᠵᠧᠨᠧᠷᠢᠩ ᠤᠨ ᠬᠦᠴᠦᠷᠬᠡᠭ ᠰᠢᠶᠠᠨ ᠤ ᠪᠠᠶᠢᠯᠳᠤᠬᠤ | ᠪᠤᠳᠤᠯᠭ᠎ᠠ ᠶᠢᠨ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠪᠡ᠃ | ᠨᠢᠭᠡᠳᠦᠭᠡᠷ ᠠᠯᠬᠤᠮ ᠳᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ | ᠦᠢᠯᠡᠴᠢᠯᠡᠬᠦ ᠴᠢᠳᠠᠪᠤᠷᠢ ᠶᠢ ᠨᠢ ᠤᠯᠠᠮ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠴᠢᠬᠤᠯᠠ ᠶᠡᠭᠡ ᠲᠥᠷᠥᠯ | ᠵᠦᠢᠯ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ | ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠲᠣᠬᠢᠷᠠᠭᠤᠯᠬᠤ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠲᠡᠰ ᠳᠡᠪᠰᠢᠭᠦᠯᠬᠦ ᠶᠢ ᠵᠤᠯᠭᠠᠭᠤᠯᠬᠤ ᠶᠢ ᠤᠯᠠᠮ ᠴᠢᠩᠭᠠᠳᠬᠠᠨ᠂ ᠵᠢᠭᠡᠯᠡᠯᠭᠡ ᠶᠢᠨ ᠪᠦᠲᠦᠴᠡ ᠶᠢ ᠤᠯᠠᠮ | ᠰᠢᠯᠢᠳᠡᠭᠵᠢᠭᠦᠯᠵᠦ᠂ ᠰᠢᠶᠠᠨ ᠤ ᠬᠡᠪᠴᠢᠶᠡᠨ ᠤ ᠬᠠᠳᠠᠭᠠᠯᠠᠮᠵᠢ ᠶᠢ ᠲᠤᠬᠠᠶ ᠶᠢᠨ ᠭᠠᠵᠠᠷ ᠲᠤᠨᠢ ᠬᠡᠷᠡᠭᠯᠡᠬᠦ ᠬᠠᠷᠢᠴᠠᠯ ᠢ | ᠨᠡᠯᠢᠶᠡᠳ ᠶᠡᠭᠡ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠶᠢ ᠭᠦᠨᠵᠡᠭᠡᠶ ᠲᠦᠯᠬᠢᠨ | ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠤᠨ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ | ᠮᠠᠯᠴᠢᠨ ᠲᠠᠷᠢᠶᠠᠴᠢᠨ︾ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠨᠤᠷᠮ᠎ᠠ ᠶᠢ ᠶᠡᠬᠡᠪᠡᠷ | ᠳᠡᠭᠡᠭᠰᠢᠯᠡᠭᠦᠯᠵᠦ᠂ ︽ᠪᠡᠯᠡ ᠲᠣᠬᠢᠷᠠᠭᠤᠯᠬᠤ ᠳᠤ ᠬᠦᠴᠢᠷ ᠪᠠᠶᠢᠬᠤ᠂ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ︾ | ᠠᠰᠠᠭᠤᠳᠠᠯ ᠢ ᠨᠡᠯᠢᠶᠡᠳ ᠶᠡᠭᠡ ᠰᠠᠶᠢᠵᠢᠷᠠᠭᠤᠯᠤᠨ᠎ᠠ᠃ | ᠬᠤᠶᠠᠳᠤᠭᠠᠷ ᠠᠯᠬᠤᠮ ᠳᠤ᠂ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠰᠢᠶᠠᠨ ᠤ ᠬᠡᠪᠴᠢᠶᠡᠨ ᠤ | ᠣᠨᠴᠠᠯᠢᠭ ᠪᠦᠬᠦᠢ ᠠᠵᠤ ᠦᠢᠯᠡᠰ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ᠮᠥᠩᠭᠦᠨ ᠭᠦᠢᠯᠭᠡᠭᠡᠨ ᠤ ᠳᠡᠮᠵᠢᠯᠭᠡ | ᠦᠵᠡᠭᠦᠯᠬᠦ ᠰᠢᠶᠠᠨ ᠤ ᠬᠡᠪᠴᠢᠶᠡᠨ ᠤ ᠭᠤᠣᠯᠯᠠᠬᠤ ᠠᠵᠤ ᠦᠢᠯᠡᠰ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠢ | ᠨᠡᠯᠢᠶᠡᠳ ᠲᠦᠷᠭᠡᠨ ᠬᠦᠭᠵᠢᠭᠦᠯᠵᠦ᠂ ᠠᠵᠤ ᠦᠢᠯᠡᠰ ᠤᠨ ᠬᠡᠪᠴᠢᠶᠡᠵᠢᠯ ᠲᠠᠰᠤᠷᠠᠯᠲᠠ ᠦᠭᠡᠢ ᠪᠣᠵᠠᠭᠠᠶᠢᠷᠠᠭᠤᠯᠤᠨ᠂ | ᠪᠦᠯᠦᠭᠴᠢᠯᠡᠬᠦ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠵᠦ᠂ ᠥᠷᠢᠰᠥᠯᠳᠦᠬᠦ ᠬᠦᠴᠦᠨ ᠨᠢ ᠢᠯᠡᠳᠲᠡ | ᠳᠡᠭᠡᠭᠰᠢᠯᠡᠭᠦᠯᠦᠨ᠂ ᠲᠣᠯᠤᠭᠠᠶᠢᠯᠠᠭᠴᠢ ᠠᠵᠤ ᠠᠬᠤᠶᠢᠯᠠᠯ ᠢ ᠨᠡᠷᠡᠳᠦ ᠲᠡᠮᠳᠡᠭᠴᠢᠯᠡᠬᠦ᠂ ᠬᠡᠪᠴᠢᠶᠡᠵᠢᠭᠦᠯᠬᠦ ᠶᠢ | ᠦᠨᠳᠦᠰᠦᠨ ᠳᠡᠭᠡᠨ ᠪᠦᠷᠢᠯᠳᠦᠭᠦᠯᠦᠭᠰᠡᠨ ᠪᠠᠶᠢᠨ᠎ᠠ᠃ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶ | ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠬᠢᠭᠡᠳ ᠠᠵᠤ ᠠᠬᠤᠶ ᠶᠢᠨ | ᠬᠥᠭᠵᠢᠯᠲᠡ ᠶᠢ ᠲᠣᠭᠲᠠᠭᠤᠨ ᠢᠶᠠᠷ ᠨᠡᠮᠡᠭᠳᠡᠭᠦᠯᠦᠨ᠎ᠡ᠃ ᠪᠡᠯᠡ ᠳᠤᠬᠢᠷᠠᠭᠤᠯᠭ᠎ᠠ ᠶᠢᠨ ᠪᠦᠲᠦᠴᠡ ᠶᠢ ᠳᠠᠰᠤᠷᠠᠯᠲᠠ | ᠦᠭᠡᠢ ᠰᠢᠯᠢᠳᠡᠭᠵᠢᠭᠦᠯᠵᠦ᠂ ᠰᠢᠭᠤᠳ ᠪᠡᠯᠡ ᠲᠣᠬᠢᠷᠠᠭᠤᠯᠬᠤ ᠬᠠᠷᠢᠴᠠᠯ ᠢ ᠲᠠᠰᠤᠷᠠᠯᠲᠠ ᠦᠭᠡᠶ ᠨᠡᠮᠡᠭᠳᠡᠭᠦᠯᠵᠦ᠂ | ᠲᠣᠯᠤᠭᠠᠶᠢᠯᠠᠭᠴᠢ ᠠᠵᠤ ᠠᠬᠤᠶᠢᠯᠠᠯ ᠨᠢ ᠭᠤᠣᠯ ᠰᠠᠮᠪᠠᠷ᠎ᠠ᠂ ᠠᠳᠠᠯ ᠦᠢᠯᠡᠰ ᠴᠣᠭᠴᠠᠯᠠᠬᠤ ᠰᠠᠮᠪᠠᠷ᠎ᠠ᠂ ᠭᠤᠷᠪᠠᠳᠤᠭᠠᠷ | ᠰᠢᠨ᠎ᠡ ᠰᠠᠮᠪᠠᠷ᠎ᠠ᠂ ᠥᠪᠥᠷ ᠮᠣᠩᠭᠤᠯ ᠤᠨ ᠰᠲ᠋ᠣᠺ ᠤᠨ ᠡᠷᠬᠡ ᠶᠢ ᠠᠷᠠᠯᠵᠢᠶᠠᠯᠠᠬᠤ ᠲᠥᠪ ᠲᠤ ᠵᠠᠬ᠎ᠠ ᠳᠡᠯᠭᠡᠭᠦᠷ ᠲᠤ | ᠭᠠᠷᠭᠠᠬᠤ ᠪᠣᠶᠤ ᠢᠯᠡᠷᠬᠡᠶᠢᠯᠡᠯ ᠡᠯᠭᠦᠨ᠎ᠡ᠃ | ᠭᠤᠷᠪᠠᠳᠤᠭᠠᠷ ᠠᠯᠬᠤᠮ ᠳᠤ᠂ ᠮᠥᠩᠭᠦᠨ ᠭᠦᠢᠯᠭᠡᠭᠡᠨ ᠠᠴᠠ ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠯᠲᠠ | ᠪᠠ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠳᠤ ᠳᠡᠮᠵᠢᠯᠭᠡ ᠦᠵᠡᠭᠦᠯᠬᠦ ᠲᠠᠯ᠎ᠠ ᠪᠠᠷ ᠢᠯᠡᠳᠲᠡ | ᠠᠮᠵᠢᠯᠲᠠ ᠪᠦᠲᠦᠮᠵᠢ ᠭᠠᠷᠭᠠᠨ᠎ᠠ᠃ ᠬᠤᠳᠠ ᠪᠠᠯᠭᠠᠰᠤᠴᠢᠯᠠᠯᠲᠠ ᠶᠢᠨ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ | ᠤᠰᠤ ᠬᠠᠩᠭᠠᠬᠤ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠭᠡᠢ᠂ ᠪᠣᠬᠢᠷ ᠤᠰᠤ ᠬᠤᠭ | ᠨᠣᠪᠰᠢ ᠶᠢ ᠰᠢᠢᠳᠪᠦᠷᠢᠯᠡᠬᠦ᠂ ᠬᠤᠳᠠ ᠶᠢᠨ ᠶᠡᠷᠦᠩᠬᠡᠶᠢᠯᠡᠭᠰᠡᠨ ᠬᠠᠮᠢᠠᠶ᠋ᠷᠤᠯᠲᠠ ᠵᠡᠷᠭᠡ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠳᠤ ᠤᠯᠠᠮ ᠨᠢᠭᠡ ᠠᠯᠬᠤᠮ ᠳᠡᠮᠵᠢᠯᠭᠡ ᠦᠵᠡᠭᠦᠯᠦᠨ᠎ᠡ᠃ ᠲᠠᠷᠢᠶᠠᠯᠠᠩ ᠮᠠᠯ ᠠᠵᠤ | ᠠᠬᠤᠶ ᠶᠢᠨ ᠣᠳᠣᠬᠢᠴᠢᠯᠠᠯᠲᠠ ᠶᠢᠨ ᠬᠢᠷᠢ ᠲᠥᠪᠰᠢᠨ ᠢ ᠨᠡᠯᠢᠶᠡᠳ ᠶᠡᠭᠡ ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ | ᠨᠢᠭᠡ ᠪᠦᠯᠦᠭ ᠤᠰᠤᠨ ᠠᠰᠢᠭᠯᠠᠯᠲᠠ᠂ ᠬᠥᠳᠡᠭᠡ ᠠᠵᠤ ᠠᠬᠤᠶ ᠶᠢᠨ ᠮᠠᠰᠢᠨ᠂ ᠤᠳᠤ ᠦᠶ᠎ᠡ ᠶᠢᠨ ᠲᠠᠷᠢᠮᠠᠯ ᠤᠨ | ᠦᠢᠯᠡᠰ ᠵᠡᠷᠭᠡ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠬᠢᠭᠤᠯᠤᠨ᠂ ᠬᠡᠪᠴᠢᠶᠡᠵᠢᠭᠦᠯᠦᠨ ᠲᠠᠷᠢᠵᠤ ᠲᠡᠵᠢᠭᠡᠨ | ᠦᠷᠡᠵᠢᠭᠦᠯᠬᠦ ᠶᠢ ᠪᠡᠶᠡᠯᠡᠭᠦᠯᠦᠨ᠎ᠡ᠃ ᠠᠷᠠᠳ ᠲᠦᠮᠡᠨ ᠤ ᠠᠮᠢᠳᠤᠷᠠᠯ ᠤᠨ ᠬᠢᠷᠢ ᠲᠥᠪᠰᠢᠨ ᠪᠠ ᠴᠢᠨᠠᠷ ᠴᠢᠨᠰᠠᠭ᠎ᠠ ᠶᠢ | ᠨᠡᠶᠢᠳᠡᠮ ᠳᠤᠨᠢ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ | ᠴᠢᠨᠠᠷ ᠢ ᠶᠡᠷᠦᠩᠬᠡᠶ ᠳᠤᠨᠢ ᠰᠠᠶᠢᠵᠢᠷᠠᠭᠤᠯᠬᠤ ᠶᠢ ᠲᠥᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠶᠢ ᠲᠥᠯᠬᠢᠨ ᠠᠬᠢᠭᠤᠯᠤᠨ᠎ᠠ᠃ | ︽ᠰᠠᠨᠠᠯ︾ ᠳᠤ ᠮᠥᠩᠭᠦᠨ ᠭᠦᠢᠯᠭᠡᠭᠡᠨ ᠢᠶᠠᠷ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢ | ᠳᠡᠮᠵᠢᠬᠦ ᠢᠨᠵᠧᠨᠧᠷᠢᠩ ᠤᠨ ᠲᠤᠷᠰᠢᠯᠲᠠ ᠶᠢᠨ ᠭᠤᠣᠯ ᠡᠭᠦᠷᠭᠡ ᠶᠢ ᠲᠣᠳᠤᠷᠬᠠᠶᠢᠯᠠᠭᠰᠠᠨ ᠪᠠᠶᠢᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠭᠤᠣᠯ ᠵᠢᠯᠤᠭᠤᠳᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠰᠢᠶᠠᠨ ᠤ ᠬᠡᠪᠴᠢᠶᠡᠨ ᠤ | ᠮᠥᠩᠭᠦᠨ ᠭᠦᠢᠯᠭᠡᠭᠡᠨ ᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢᠶᠠᠨ ᠲᠣᠭᠲᠠᠭᠠᠬᠤ ᠬᠡᠷᠡᠭᠲᠡᠶ᠃ ᠡᠯ᠎ᠡ | ᠲᠤᠷᠰᠢᠯᠲᠠ ᠶᠢᠨ ᠴᠢᠭ᠋ ᠤᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠣᠷᠣᠨ ᠪᠠᠶᠢᠷᠢ᠂ ᠣᠨᠴᠠ ᠲᠣᠭᠲᠠᠮᠠᠯ ᠡᠬᠢ | ᠪᠠᠶᠠᠯᠢᠭ ᠪᠣᠯᠤᠨ ᠲᠡᠦᠬᠡ ᠰᠣᠶᠣᠯ ᠢᠷᠭᠡᠨᠰᠢᠯ ᠵᠡᠷᠭᠡ ᠳᠠᠪᠠᠭᠤᠯᠢᠭ ᠢᠶᠠᠨ ᠦᠨᠳᠦᠰᠦᠯᠡᠨ᠂ ᠰᠢᠶᠠᠨ ᠤ ᠬᠡᠪᠴᠢᠶᠡᠨ ᠤ | ᠮᠥᠩᠭᠦᠨ ᠭᠦᠢᠯᠭᠡᠭᠡᠨ ᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ | ᠬᠡᠷᠡᠭᠲᠡᠢ᠃ ᠲᠠᠷᠢᠶᠠᠯᠠᠩ᠂ ᠠᠵᠤ ᠦᠢᠯᠡᠳᠪᠦᠷᠢ᠂ ᠬᠤᠳᠠᠯᠳᠤᠭ᠎ᠠ᠂ ᠵᠢᠭᠤᠯᠴᠢᠯᠠᠯ ᠤᠨ ᠠᠯᠢᠨ ᠳᠤᠨᠢ ᠲᠣᠬᠢᠷᠠᠮᠵᠢᠲᠠᠢ | ᠪᠣᠯ ᠠᠯᠢ ᠶᠢ ᠨᠢ ᠬᠦᠭᠵᠢᠭᠦᠯᠬᠦ ᠵᠠᠷᠴᠢᠮ ᠶᠣᠰᠣᠭᠠᠷ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠲᠦᠢᠯ ᠤᠨ | ᠣᠨᠤᠪᠴᠢᠲᠠᠢ ᠪᠠᠷ ᠲᠣᠬᠢᠷᠠᠭᠤᠯᠵᠤ᠂ ᠰᠢᠶᠠᠨ ᠤ ᠬᠡᠪᠴᠢᠶᠡᠨ ᠤ ᠭᠤᠣᠯᠯᠠᠬᠤ ᠠᠵᠤ ᠦᠢᠯᠡᠰ ᠪᠣᠯᠤᠨ ᠣᠨᠴᠠᠯᠢᠭ | ᠪᠦᠬᠦᠢ ᠠᠵᠤ ᠦᠢᠯᠡᠰ ᠤᠨ ᠬᠦᠭᠵᠢᠯᠲᠡ ᠶᠢ ᠳᠡᠮᠵᠢᠬᠦ ᠬᠡᠷᠡᠭᠲᠡᠢ᠃ ᠲᠤᠰ ᠬᠤᠰᠢᠭᠤ ᠰᠢᠶᠠᠨ ︵ᠬᠤᠳᠠ᠂ ᠲᠣᠭᠤᠷᠢᠭ︶ | ᠤ ᠠᠵᠤ ᠠᠬᠤᠶᠢᠯᠠᠯ ᠤᠨ ᠪᠠᠶᠢᠳᠠᠯ ᠢ ᠣᠶᠢᠯᠭᠠᠨ ᠡᠵᠡᠮᠰᠢᠵᠦ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠠᠵᠤ | ᠠᠬᠤᠶᠢᠯᠠᠯ ᠤᠨ ᠨᠡᠷᠡᠰ ᠢ ᠰᠣᠳᠤᠯᠤᠨ ᠲᠣᠭᠲᠠᠭᠠᠬᠤ ᠬᠡᠷᠡᠭᠲᠡᠶ᠃ ᠭᠤᠣᠯᠳᠠᠯᠭ᠎ᠠ ᠲᠠᠢ ᠳᠡᠮᠵᠢᠬᠦ ᠲᠦᠷᠦᠯ ᠵᠦᠢᠯ ᠤᠨ | ᠨᠡᠷᠡᠰ ᠢ ᠰᠣᠳᠤᠯᠤᠨ ᠲᠣᠭᠲᠠᠭᠠᠵᠤ᠂ ᠲᠦᠷᠦᠯ ᠵᠦᠢᠯ ᠤᠨ ᠲᠥᠯᠥᠪᠵᠢᠭᠦᠯᠭᠡ᠂ ᠣᠷᠴᠢᠨ ᠲᠣᠭᠤᠷᠢᠨ ᠤ | ᠬᠠᠮᠠᠭᠠᠯᠠᠯᠲᠠ᠂ ᠭᠠᠵᠠᠷ ᠰᠢᠷᠣᠶ ᠵᠡᠷᠭᠡ ᠲᠠᠯ᠎ᠠ ᠪᠠᠷ ᠲᠥᠷᠥᠯ ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ | ᠲᠦᠷᠭᠡᠳᠬᠡᠨ ᠠᠬᠢᠭᠤᠯᠬᠤ ᠬᠡᠷᠡᠭᠲᠡᠶ᠃ ᠳᠠᠭᠠᠭᠠᠯᠲᠠ ᠶᠢᠨ ︽ᠪᠡᠯᠡ ᠮᠦᠩᠭᠦᠨ ᠤ ᠴᠥᠭᠦᠷᠥᠮ︾ ᠢ ᠪᠠᠶᠢᠭᠤᠯᠵᠤ᠂ | ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠨ᠂ 1᠄10 ᠶᠢᠨ ᠬᠠᠷᠢᠴᠠᠯ ᠢᠶᠠᠷ ᠲᠣᠮᠤ ᠵᠢᠭᠡᠯᠡᠯᠭᠡ | ᠲᠠᠯᠪᠢᠵᠤ᠂ ᠠᠵᠤ ᠠᠬᠤᠶᠢᠯᠠᠯ ᠤᠨ ᠢᠲᠡᠭᠡᠮᠵᠢ ᠶᠢ ᠨᠡᠮᠡᠭᠳᠡᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢᠲᠦ ᠡᠷᠦᠬᠡ᠂ ᠢᠲᠡᠭᠡᠮᠵᠢᠲᠦ | ᠲᠣᠰᠬᠤᠨ ︵ᠭᠠᠴᠠᠭ᠎ᠠ︶᠂ ᠢᠲᠡᠭᠡᠮᠵᠢᠲᠦ ᠰᠢᠶᠠᠩ ᠪᠠᠯᠭᠠᠰᠤ ︵ᠰᠤᠮᠤ︶ ᠶᠢ ᠠᠳᠠᠯᠢᠳᠬᠠᠨ ᠰᠢᠯᠭᠠᠷᠠᠭᠤᠯᠬᠤ ᠪᠠ | ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ | ᠰᠣᠶᠣᠯ ᠢ ᠬᠦᠮᠦᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠢᠲᠡᠭᠡᠮᠵᠢ ᠶᠢᠨ ᠰᠠᠶᠢᠨ ᠰᠠᠶᠢᠬᠠᠨ ᠣᠷᠴᠢᠨ | ᠨᠥᠬᠦᠴᠡᠯ ᠢ ᠪᠤᠢ ᠪᠣᠯᠭᠠᠬᠤ ᠬᠡᠷᠡᠭᠲᠡᠢ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠡᠮᠵᠢᠬᠦ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ᠃ | ᠡᠯ᠎ᠡ ᠲᠦᠷᠤᠯ ᠤᠨ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠳᠦᠯ ᠢ | ᠪᠠᠳᠠᠷᠠᠭᠤᠯᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡ᠂ ᠬᠤᠳᠠᠯᠳᠤᠭᠠᠨ ᠤ | ᠴᠢᠨᠠᠷᠲᠠᠶ ᠮᠥᠩᠭᠦᠨ ᠭᠦᠢᠯᠭᠡᠭᠡ ᠪᠠ ᠬᠠᠮᠲᠤᠷᠠᠯᠴᠠᠭᠠᠨ ᠤ ᠴᠢᠨᠠᠷᠲᠠᠶ ᠮᠥᠩᠭᠦᠨ ᠭᠦᠢᠯᠭᠡᠭᠡᠨ ᠤ ᠬᠠᠮᠵᠢᠯᠴᠠᠬᠤ | ᠦᠢᠯᠡᠳᠦᠯ ᠢ ᠨᠢᠭᠡᠳᠦᠯᠲᠡᠶ ᠲᠥᠯᠥᠪᠯᠡᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠶᠠᠨ ᠤ | ᠬᠡᠪᠴᠢᠶᠡᠨ ᠳᠤ ᠮᠥᠩᠭᠦᠨ ᠭᠦᠢᠯᠭᠡᠭᠡᠨ ᠤ ᠦᠢᠯᠡᠳᠬᠦᠨ ᠪᠣᠯᠤᠨ ᠦᠢᠯᠡᠴᠢᠯᠡᠭᠡᠨ ᠤ ᠰᠢᠨ᠎ᠡ ᠡᠭᠦᠳᠦᠯᠲᠡ | ᠦᠷᠨᠢᠭᠦᠯᠬᠦ ᠶᠢ ᠨᠢ ᠵᠤᠷᠢᠭᠵᠢᠭᠤᠯᠬᠤ ᠬᠡᠷᠡᠭᠲᠡᠢ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ | ᠮᠣᠩᠭᠤᠯ ᠤᠨ ᠬᠤᠪᠢᠶᠠᠷᠢ ᠪᠠᠩᠬᠢ ᠨᠢ ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠳᠥᠭᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠰᠠᠶᠢᠵᠢᠷᠠᠭᠤᠯᠬᠤ᠂ ᠰᠢᠨ᠎ᠡ ᠲᠠᠷᠢᠶᠠᠯᠠᠬᠤ ᠤᠷᠤᠨ ᠰᠢᠨ᠎ᠡ | ᠮᠠᠯᠵᠢᠬᠤ ᠣᠷᠣᠨ ᠤ ᠪᠥᠳᠥᠭᠡᠨ ᠪᠠᠶᠢᠭᠤᠯᠤᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠳᠤ ᠳᠡᠮᠵᠢᠯᠭᠡ | ᠦᠵᠡᠭᠦᠯᠬᠦ ᠡᠷᠴᠢᠮ ᠢᠶᠠᠨ ᠨᠡᠮᠡᠭᠳᠡᠭᠦᠯᠵᠦ᠂ ᠪᠥᠭᠡᠮ ᠢᠶᠠᠷ ᠬᠤᠳᠠᠯᠳᠤᠬᠤ ᠪᠡᠯᠡ ᠮᠥᠩᠭᠦ ᠶᠢ ᠰᠢᠯᠵᠢᠭᠦᠯᠦᠨ ᠵᠢᠭᠡᠯᠡᠭᠦᠯᠬᠦ | ᠬᠡᠯᠪᠡᠷᠢ ᠪᠠᠷ ᠪᠤᠰᠤᠳ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ | ᠠᠵᠢᠯᠯᠠᠭᠤᠯᠵᠤ᠂ ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠵᠢᠵᠢᠭ ᠪᠢᠴᠢᠯ ᠠᠵᠤ | ᠠᠬᠤᠶᠢᠯᠠᠯ ᠤᠨ ᠵᠢᠭᠡᠯᠡᠯᠭᠡ ᠶᠢᠨ ᠦᠪᠡᠷ ᠤᠨ ᠦᠷᠲᠡᠭ ᠢ ᠨᠢ ᠭᠤᠣᠯᠳᠠᠯᠭ᠎ᠠ ᠲᠠᠢ ᠪᠠᠭᠤᠷᠠᠭᠤᠯᠬᠤ ᠬᠡᠷᠡᠭᠲᠡᠢ᠃ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠢ ᠲᠤᠷᠰᠢᠯᠲᠠ ᠶᠢᠨ | ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ᠂ | ᠣᠨᠳᠣᠣ ᠭᠠᠵᠠᠷ ᠨᠡᠭᠦᠯᠭᠡᠬᠦ ᠵᠡᠷᠭᠡ ᠳᠤ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠳᠬᠠᠬᠤ ᠬᠡᠷᠡᠭᠲᠡᠢ᠃ ᠲᠤᠮᠤ | ᠬᠡᠯᠪᠡᠷᠢ ᠶᠢᠨ ᠪᠠᠩᠬᠢ ᠨᠢ ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠵᠢᠵᠢᠭ ᠪᠢᠴᠢᠯ ᠠᠵᠤ | ᠠᠬᠤᠶᠢᠯᠠᠯ ᠤᠨ ᠲᠤᠰᠬᠠᠶ ᠡᠵᠡᠩᠨᠡᠯᠲᠡ ᠶᠢᠨ ᠪᠠᠶᠢᠭᠤᠯᠤᠮᠵᠢ ᠪᠠᠶᠢᠭᠤᠯᠬᠤ ᠪᠠᠨ ᠲᠦᠷᠭᠡᠳᠬᠡᠬᠦ ᠶᠢ ᠨᠢ ᠵᠤᠷᠢᠭᠵᠢᠭᠤᠯᠵᠤ᠂ | ᠰᠢᠦᠳᠠᠨ ᠤ ᠬᠠᠳᠠᠭᠠᠯᠠᠮᠵᠢ ᠶᠢᠨ ᠪᠠᠩᠬᠢ ᠨᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠠᠭ᠎ᠠ ᠲᠣᠭᠠᠨ ᠤ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠯᠠᠪᠳᠠᠭᠤᠨ ᠢᠶᠠᠷ ᠬᠥᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠳᠤ | ᠬᠤᠯᠪᠣᠭᠳᠠᠬᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠠᠯᠬᠤᠮ ᠠᠯᠬᠤᠮ ᠢᠶᠠᠷ ᠦᠷᠭᠡᠳᠬᠡᠬᠦ ᠬᠡᠷᠡᠭᠲᠡᠢ᠃ | ᠪᠦᠬᠦ ᠤᠯᠤᠰ ᠤᠨ ᠴᠢᠨᠠᠷᠲᠠᠶ ᠰᠲᠤᠺ ᠤᠨ ᠳᠦᠷᠢᠮᠲᠦ ᠬᠤᠳᠠᠯᠳᠤᠭᠠᠨ ᠤ ᠪᠠᠩᠬᠢ᠂ ᠬᠤᠳᠠ ᠶᠢᠨ ᠬᠤᠳᠠᠯᠳᠤᠭᠠᠨ ᠤ | ᠪᠠᠩᠬᠢ ᠨᠢ ᠦᠨᠳᠦᠰᠦᠨ ᠱᠠᠲᠤᠨ ᠳᠤ ᠦᠨᠳᠦᠰᠦᠯᠡᠬᠦ ᠶᠢ ᠨᠢ ᠵᠤᠷᠢᠭᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ᠂ | ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ ᠮᠠᠯᠴᠢᠨ ᠲᠠᠷᠢᠶᠠᠴᠢᠨ︾ ᠪᠠ ᠬᠤᠲᠠ ᠪᠠᠯᠭᠠᠰᠤᠨ ᠤ | ᠰᠠᠭᠤᠭᠠᠯᠢ ᠠᠷᠠᠳ ᠲᠤ ᠨᠡᠩ ᠬᠠᠨᠳᠤᠯᠭᠠᠲᠤ ᠴᠢᠨᠠᠷ ᠲᠠᠢ ᠨᠡᠩ ᠲᠦᠭᠦᠮ ᠲᠦᠳᠡ ᠮᠥᠩᠭᠦᠨ ᠭᠦᠢᠯᠭᠡᠭᠡᠨ ᠤ | ᠦᠢᠯᠡᠴᠢᠯᠡᠭᠡ ᠬᠠᠩᠭᠠᠬᠤ ᠬᠡᠷᠡᠭᠲᠡᠶ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠭᠦᠢᠯᠭᠡᠭᠡᠨ ᠤ | ᠪᠠᠶᠢᠭᠤᠯᠤᠮᠵᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ᠂ ᠮᠠᠯᠵᠢᠬᠤ ᠲᠠᠷᠢᠶᠠᠯᠠᠬᠤ ᠤᠷᠤᠨ᠂ | ᠮᠠᠯᠴᠢᠨ ᠲᠠᠷᠢᠶᠠᠴᠢᠨ︾ ᠳᠤ ᠦᠢᠯᠡᠴᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ | ᠤᠯᠠᠨ ᠲᠡᠰ ᠳᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠦᠢᠯᠡᠳᠦᠯ ᠢ ᠰᠠᠶᠢᠲᠤᠷ ᠪᠠᠳᠠᠷᠠᠭᠤᠯᠬᠤ | ᠬᠡᠷᠡᠭᠲᠡᠶ᠃ | ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠢᠯᠡᠷᠬᠡᠶᠢᠯᠡᠯ ᠡᠯᠭᠦᠨ ᠪᠡᠯᠡ ᠲᠤᠬᠢᠷᠠᠭᠤᠯᠬᠤ ᠶᠢ ᠨᠢ ᠲᠦᠯᠬᠢᠨ | ᠠᠬᠢᠭᠤᠯᠬᠤ ᠬᠡᠷᠡᠭᠲᠡᠢ᠃ ᠰᠢᠶᠠᠨ ᠤ ᠬᠡᠪᠴᠢᠶᠡᠨ ᠤ ᠲᠤᠯᠤᠭᠠᠶᠢᠯᠠᠭᠴᠢ ᠠᠵᠤ ᠠᠬᠤᠶᠢᠯᠠᠯ ᠢ ᠳᠡᠮᠵᠢᠬᠦ ᠡᠷᠴᠢᠮ ᠢ | ᠴᠢᠩᠭᠠᠷᠠᠭᠤᠯᠵᠤ᠂ ᠤᠯᠠᠨ ᠵᠦᠢᠯ ᠤᠨ ᠬᠡᠯᠪᠡᠷᠢ ᠶᠢᠨ ᠬᠠᠪᠰᠤᠷᠤᠨ ᠵᠢᠯᠤᠭᠤᠳᠬᠤ ᠪᠣᠯᠪᠠᠰᠤᠷᠠᠯ ᠢ ᠵᠤᠬᠢᠶᠠᠨ | ᠪᠠᠶᠢᠭᠤᠯᠵᠤ᠂ ᠰᠢᠶᠠᠨ ᠤ ᠬᠡᠪᠴᠢᠶᠡᠨ ᠤ ᠲᠤᠯᠤᠭᠠᠶᠢᠯᠠᠭᠴᠢ ᠠᠵᠤ ᠠᠬᠤᠶᠢᠯᠠᠯ ᠤᠨ ᠭᠤᠷᠪᠠᠳᠤᠭᠠᠷ ᠰᠢᠨ᠎ᠡ ᠰᠠᠮᠪᠠᠷ᠎ᠠ᠂ | ᠠᠳᠠᠯ ᠦᠢᠯᠡᠰ ᠴᠣᠭᠴᠠᠯᠠᠬᠤ ᠰᠠᠮᠪᠠᠷ᠎ᠠ᠂ ᠭᠤᠤᠯ ᠰᠠᠮᠪᠠᠷ᠎ᠠ ᠶᠢᠨ ᠢᠯᠡᠷᠬᠡᠶᠢᠯᠡᠯ ᠡᠯᠭᠦᠵᠦ ᠵᠠᠬ᠎ᠠ ᠳᠡᠯᠭᠡᠭᠦᠷ ᠲᠤ | ᠭᠠᠷᠬᠤ ᠶᠢ ᠨᠢ ᠲᠦᠯᠬᠢᠨ ᠠᠬᠢᠭᠤᠯᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠳ ᠥᠪᠥᠷ ᠮᠣᠩᠭᠤᠯ ᠤᠨ | ᠰᠲ᠋ᠤᠺ ᠤᠨ ᠡᠷᠬᠡ ᠶᠢᠨ ᠠᠷᠠᠯᠵᠢᠶᠠᠨ ᠤ ᠲᠥᠪ ᠲᠤ ᠤᠷᠢᠳᠠᠪᠠᠷ ᠢᠯᠡᠷᠬᠡᠶᠢᠯᠡᠯ ᠡᠯᠭᠦᠵᠦ ᠠᠷᠠᠯᠵᠢᠶᠠᠯᠠᠬᠤ᠂ ᠨᠠᠶᠢᠳᠠᠨ | ᠬᠠᠮᠢᠶᠠᠷᠠᠭᠤᠯᠵᠤ ᠨᠡᠶᠢᠲᠡᠯᠡᠬᠦ ᠪᠠ ᠶᠡᠷᠦᠩᠬᠡᠶᠢᠯᠡᠭᠰᠡᠨ ᠳᠡᠯᠭᠡᠨ ᠦᠵᠡᠭᠦᠯᠭᠡ ᠬᠢᠬᠦ ᠶᠢ ᠢᠳᠡᠪᠬᠢᠲᠡᠢ ᠳᠡᠮᠵᠢᠬᠦ | ᠬᠡᠷᠡᠭᠲᠡᠢ᠃ | ᠳᠠᠭᠠᠳᠬᠠᠯ ᠤᠨ ᠦᠢᠯᠡᠰ ᠤᠨ ᠲᠤᠭᠲᠠᠪᠤᠷᠢᠵᠢᠭᠤᠯᠤᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ | ᠬᠡᠷᠡᠭᠲᠡᠢ᠃ | ᠲᠠᠷᠢᠶᠠᠯᠠᠩ ᠤᠨ ᠳᠠᠭᠠᠳᠬᠠᠯ ᠤᠨ ᠦᠢᠯᠡᠳᠬᠦᠨ ᠤ ᠰᠢᠨ᠎ᠡ ᠶᠢ ᠡᠭᠦᠳᠬᠦ ᠬᠡᠷᠡᠭᠲᠡᠢ᠃ ᠤᠷᠢᠳᠠᠪᠠᠷ | ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠤᠷᠢᠳᠠᠪᠠᠷ ᠲᠠᠯ᠎ᠠ ᠨᠤᠲᠤᠭ ᠤᠨ ᠮᠠᠯᠵᠢᠬᠤ | ᠣᠷᠣᠨ ᠤ ᠮᠠᠯ ᠰᠦᠷᠦᠭ ᠤᠨ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ᠂ ᠲᠥᠮᠥᠰᠥ ᠶᠢᠨ ᠦᠨ᠎ᠡ | ᠬᠠᠩᠰᠢ ᠶᠢᠨ ᠵᠢᠭᠠᠯᠲᠠ ᠲᠤᠭ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠨ᠎ᠡ | ᠬᠠᠩᠰᠢ ᠶᠢᠨ ᠵᠢᠭᠠᠯᠲᠠ ᠲᠤᠭ᠎ᠠ ᠶᠢᠨ ᠳᠠᠭᠠᠳᠬᠠᠯ ᠤᠨ ᠲᠤᠷᠰᠢᠯᠲᠠ ᠶᠢᠨ ᠠᠵᠢᠯ ᠦᠷᠨᠢᠭᠦᠯᠬᠦ ᠬᠡᠷᠡᠭᠲᠡᠢ᠃ ᠡᠯ᠎ᠡ | ᠳᠠᠭᠠᠳᠬᠠᠯ ᠤᠨ ᠺᠤᠮᠫᠠᠨᠢ ᠲᠠᠷᠢᠶᠠᠯᠠᠩ ᠤᠨ ᠳᠠᠭᠠᠳᠬᠠᠯ ᠤᠨ ᠦᠢᠯᠡᠴᠢᠯᠡᠭᠡᠨ ᠤ ᠬᠡᠪᠴᠢᠶ᠎ᠡ ᠪᠠᠨ ᠦᠷᠭᠡᠳᠬᠡᠬᠦ ᠶᠢ | ᠵᠤᠷᠢᠭᠵᠢᠭᠤᠯᠵᠤ᠂ ᠲᠠᠷᠢᠮᠠᠯ᠂ ᠮᠠᠯ ᠤᠨ ᠠᠰᠢᠭ ᠰᠢᠮ᠎ᠡ ᠵᠡᠷᠭᠡ ᠬᠦᠷᠢᠶᠡᠨ ᠳᠠᠬᠢ ᠣᠨᠴᠠᠯᠢᠭ ᠪᠦᠬᠦᠢ ᠳᠠᠭᠠᠳᠬᠠᠯ ᠤᠨ | ᠦᠢᠯᠡᠳᠬᠦᠨ ᠢ ᠰᠤᠳᠤᠯᠠᠨ ᠨᠡᠭᠡᠭᠡᠬᠦ ᠬᠡᠷᠡᠭᠲᠡᠢ᠃ ᠤᠯᠠᠮᠵᠢᠯᠠᠯᠲᠤ ᠲᠦᠷᠦ ᠶᠢᠨ ᠪᠤᠳᠤᠯᠭ᠎ᠠ ᠶᠢᠨ ᠴᠢᠨᠠᠷᠲᠠᠶ | ᠳᠠᠭᠠᠳᠬᠠᠯ ᠤᠨ ᠲᠥᠷᠥᠯ ᠵᠦᠢᠯ ᠢ ᠦᠷᠭᠦᠯᠵᠢᠯᠡᠨ ᠦᠷᠭᠡᠳᠬᠡᠬᠦ ᠰᠠᠭᠤᠷᠢᠨ ᠳᠡᠭᠡᠷ᠎ᠡ᠂ ᠣᠨᠴᠠᠯᠢᠭ ᠪᠦᠬᠦᠢ ᠲᠥᠷᠥᠯ | ᠵᠦᠢᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠣᠭᠲᠠᠭᠤᠨ ᠢᠶᠠᠷ ᠦᠷᠭᠡᠳᠬᠡᠬᠦ ᠬᠡᠷᠡᠭᠲᠡᠢ᠃ | ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠪᠡᠷᠮᠢᠴᠡ ᠳᠠᠪᠠᠭᠤᠯᠢᠭ ᠤᠨ | ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠤᠷᠢᠳᠠᠪᠠᠷ ᠪᠠᠭ᠎ᠠ ᠲᠣᠭᠠᠨ ᠤ | ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠬᠤ ᠴᠢᠨᠠᠷᠲᠠᠶ ᠳᠠᠭᠠᠭᠠᠯᠲᠠ ᠶᠢᠨ ᠺᠣᠮᠫᠠᠨᠢ ᠪᠠᠶᠢᠭᠤᠯᠬᠤ ᠬᠡᠷᠡᠭᠲᠡᠢ᠃ | ᠲᠤᠷᠰᠢᠯᠲᠠ ᠶᠢᠨ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠤᠷᠢᠳᠠᠪᠠᠷ ᠪᠠᠭ᠎ᠠ ᠲᠣᠭᠠᠨ ᠤ ᠵᠢᠭᠡᠯᠡᠯᠭᠡ ᠶᠢᠨ | ᠺᠣᠮᠫᠠᠨᠢ ᠪᠤᠶᠤ ᠰᠠᠯᠪᠤᠷᠢ ᠪᠠᠶᠢᠭᠤᠯᠤᠮᠵᠢ ᠪᠠᠶᠢᠭᠤᠯᠵᠤ᠂ ᠰᠢᠶᠠᠨ ᠤ ᠬᠡᠪᠴᠢᠶᠡᠨ ᠳᠤ ᠢᠲᠡᠭᠡᠮᠵᠢᠲᠦ ᠵᠢᠭᠡᠯᠡᠯᠭᠡ | ᠬᠠᠩᠭᠠᠬᠤ ᠶᠢ ᠪᠦᠲᠦᠮᠵᠢᠲᠠᠢ ᠨᠡᠮᠡᠭᠳᠡᠭᠦᠯᠬᠦ ᠬᠡᠷᠡᠭᠲᠡᠢ︔ ᠤᠷᠢᠳᠠᠪᠠᠷ ᠲᠠᠷᠢᠶᠠᠯᠠᠩ ᠮᠠᠯ ᠠᠵᠤ ᠠᠬᠤᠶ ᠶᠢᠨ | ᠢᠲᠡᠭᠡᠮᠵᠢᠲᠦ ᠵᠢᠭᠡᠯᠡᠯᠭᠡ ᠶᠢᠨ ᠪᠡᠯᠡ ᠲᠤᠬᠢᠷᠠᠭᠤᠯᠬᠤ ᠳᠠᠭᠠᠭᠠᠯᠲᠠ ᠶᠢᠨ ᠰᠠᠯᠪᠤᠷᠢ ᠪᠠᠶᠢᠭᠤᠯᠤᠮᠵᠢ ᠪᠤᠶᠤ ᠬᠡᠷᠡᠭ | ᠡᠷᠬᠢᠯᠡᠬᠦ ᠭᠠᠵᠠᠷ ᠪᠠᠶᠢᠭᠤᠯᠵᠤ᠂ ᠠᠮᠤ ᠪᠤᠳᠠᠭᠠᠨ ᠤ ᠬᠡᠪᠴᠢᠶᠡᠲᠦ ᠡᠵᠡᠩᠨᠡᠯᠲᠡ ᠪᠠ ᠲᠠᠷᠢᠶᠠᠯᠠᠩ ᠮᠠᠯ ᠠᠵᠤ | ᠠᠬᠤᠶ ᠶᠢᠨ ᠦᠢᠯᠡᠳᠪᠦᠷᠢᠯᠡᠯ ᠤᠨ ᠬᠦᠭᠵᠢᠯᠲᠡ ᠳᠤ ᠳᠡᠮᠵᠢᠯᠭᠡ ᠦᠵᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠪᠡᠯᠡ ᠲᠤᠬᠢᠷᠠᠭᠤᠯᠬᠤ ᠳᠤ ᠬᠦᠴᠢᠷ ᠪᠠᠶᠢᠬᠤ᠂ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ | ᠠᠰᠠᠭᠤᠳᠠᠯ ᠢ ᠠᠯᠬᠤᠮ ᠠᠯᠬᠤᠮ ᠢᠶᠠᠷ ᠬᠤᠪᠢᠷᠠᠭᠤᠯᠬᠤ ᠪᠠ ᠦᠭᠡᠷᠡᠴᠢᠯᠡᠬᠦ ᠬᠡᠷᠡᠭᠲᠡᠢ᠃ |